ᠪᠤᠤᠴᠠᠩ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/3/15
      ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ  ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠮᠪᠠᠢ ᠨᠠᠶᠢᠳᠠᠪᠤᠷᠢᠵᠢᠭᠤᠯᠤᠨ᠂ ᠠᠶᠤᠯᠭᠦᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠠᠮᠤᠷ ᠲᠦᠪᠰᠢᠨ ᠤ ᠰᠠᠭᠤᠷᠢ ᠶᠢ ᠪᠠᠲᠤ ᠴᠤᠭᠴᠠᠯᠠᠬᠤ ᠶᠢᠨ ᠲᠦᠯᠦᠭᠡ᠂  3 ᠰᠠᠷ᠎ᠠ ᠶᠢᠨ 13  ᠤ ᠡᠳᠦᠷ ᠪᠤᠤᠴᠠᠩ ᠪᠠᠯᠭᠠᠰᠤ ᠨᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ  ᠭᠡᠰᠢᠭᠦᠨ᠂ ᠳᠡᠳ᠋ ᠪᠠᠯᠭᠠᠰᠤᠨ ᠳᠠᠷᠤᠭ᠎ᠠ ᠯᠢᠦ ᡁᠢ ᠴᠢᠶᠠᠩ ᠬᠤᠷᠠᠯ ᠢ ᠡᠷᠬᠢᠯᠡᠵᠦ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ᠂ ︽ᠬᠤᠶᠠᠷ ᠵᠥᠪᠯᠡᠯ︾  ᠤᠨ ᠤᠳᠤᠷᠢᠳᠬᠤ ᠪᠠᠭ ᠤᠨ ᠭᠡᠰᠢᠬᠦᠳ ᠪᠣᠯᠣᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠤᠷᠤᠯᠴᠠᠵᠠᠢ᠃  ᠯᠢᠦ ᡁᠢ ᠴᠢᠶᠠᠩ   ᠠᠴᠠ ︽ᠠᠶᠤᠯᠭᠦᠢ ᠦᠢᠯᠡᠳᠪᠦᠷᠢᠯᠡᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠲᠤᠬᠠᠢ ᠮᠡᠳᠡᠭᠳᠡᠯ︾ ᠤᠨ  ᠵᠣᠷᠢᠭ ᠰᠠᠨᠠᠭ᠎ᠠ ᠶᠢ ᠤᠯᠠᠮᠵᠢᠯᠠᠭᠰᠠᠨ ᠪᠦᠭᠡᠳ ᠠᠶᠤᠯᠭᠦᠢ ᠦᠢᠯᠡᠳᠪᠦᠷᠢᠯᠡᠯ ᠢᠶᠠᠷ ᠭᠤᠣᠯ ᠰᠡᠳᠦᠪ ᠪᠤᠯᠭᠠᠨ  ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠡᠷᠭᠡ ᠲᠠᠯ᠎ᠠ ᠠᠴᠠ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠠᠩᠬᠠᠷᠬᠤ ᠴᠢᠬᠤᠯᠠᠲᠠᠢ ᠠᠮᠤᠷ ᠲᠦᠪᠰᠢᠨ ᠤ ᠵᠦᠢᠯᠡᠰ ᠢ ᠨᠠᠷᠢᠨ ᠲᠠᠶᠢᠯᠪᠤᠷᠢᠯᠠᠵᠤ᠂  ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠳᠤ ᠴᠢᠭᠯᠡᠯ ᠢ ᠵᠢᠭᠠᠵᠤ ᠵᠢᠷᠤᠮᠯᠠᠯ ᠢ ᠬᠠᠩᠭᠠᠭᠰᠠᠨ ᠪᠠᠶᠢᠨ᠎ᠠ᠃ ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠨ ᠪᠦᠬᠦ ᠬᠥᠮᠥᠰ ᠢ ᠵᠣᠬᠢᠶᠠᠨ ᠪᠠᠶᠢᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ  ᠲᠤᠬᠠᠢ  ᠰᠡᠷᠡᠮᠵᠢᠯᠡᠬᠦᠯᠬᠦ  ᠬᠥᠮᠦᠵᠢᠯ ᠤᠨ ᠹᠢᠯᠢᠮ ᠢ ᠦᠵᠡᠬᠦᠯᠦᠭᠰᠡᠨ ᠤ ᠬᠠᠮᠲᠤ᠂ ᠦᠨᠳᠦᠰᠦᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠩᠭᠤ ᠲᠣᠬᠢᠶᠠᠯᠳᠤᠬᠤ ᠠᠰᠠᠭᠤᠳᠠᠯ᠂ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢᠨ ᠲᠣᠭᠤᠷᠢᠨ ᠳᠤ ᠰᠠᠨᠠᠯ ᠢᠶᠠᠨ ᠰᠤᠯᠢᠯᠴᠠᠪᠠ᠃ ᠲᠤᠰᠬᠠᠢ ᠰᠡᠳᠦᠪᠳᠦ ᠤᠬᠠᠭᠤᠯᠭ᠎ᠠ ᠲᠠᠶᠢᠯᠤᠮᠵᠢ ᠪᠠᠷ ᠲᠠᠮᠵᠢᠭᠠᠳ᠂ ᠬᠤᠷᠠᠯ ᠳᠤ ᠣᠷᠣᠯᠴᠠᠭᠰᠠᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ  ᠴᠢᠩᠭᠠᠳᠬᠠᠵᠤ᠂ ᠠᠮᠤᠷ ᠲᠦᠪᠰᠢᠨ ᠬᠦᠭᠵᠢᠯᠳᠡ ᠶᠢᠨ ᠣᠶᠢᠯᠠᠭᠠᠭᠳᠠᠬᠤᠨ ᠢ ᠪᠠᠳᠤᠳᠬᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号