ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/15
       3 ᠰᠠᠷ᠎ᠠ ᠶᠢᠨ 14 ᠤ ᠡᠳᠦᠷ  ᠂ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶ᠎ᠠ ᠨᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠱᠦᠵᠢ ᠭᠤᠤ ᠶᠢᠩ ᠵᠦᠸᠧ ᠬᠤᠷᠠᠯ ᠢ ᠡᠷᠬᠢᠯᠡᠨ᠂ ᠨᠠᠮ ᠤᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠳᠡᠳ᠋ ᠰᠠᠯᠠᠭᠠᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠰᠤᠯᠠ ᠣᠷᠣᠯᠴᠠᠪᠠ᠃ ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠪᠠᠯᠭᠠᠰᠤᠨ ᠤ 2023 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠳ᠋ᠦᠩᠨᠡᠯᠳᠡ ᠬᠢᠭᠰᠡᠨ ᠪᠥᠭᠡᠳ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠬᠦᠨᠵᠡᠬᠡᠶᠢᠷᠡᠬᠦᠯᠦᠨ᠎ᠡ᠃ ᠪᠥᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠨ᠂ ᠤᠯᠤᠰ ᠲᠥᠷᠥ ᠶᠢᠨ ᠵᠣᠭᠰᠣᠴᠠ ᠪᠠᠨ  ᠲᠡᠭᠡᠭᠰᠢᠯᠡᠬᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠵᠢᠷᠤᠮᠯᠠᠵᠤ᠂ ᠪᠥᠬᠦ ᠪᠠᠯᠭᠠᠰᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠢ  ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠦᠯᠦᠪᠵᠢᠬᠦᠯᠵᠦ ᠵᠣᠬᠢᠴᠠᠭᠤᠯᠤᠨ ᠠᠬᠢᠭᠤᠯᠤᠨ᠎ᠠ᠃  ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠢᠨ ᠨᠠᠮ ᠤᠨ ᠰᠤᠷᠲᠠᠯ   ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠨ᠂ ᠭᠤᠣᠯᠳᠠᠯᠭ᠎ᠠ ᠲᠠᠢ ᠭᠤᠭᠴᠤᠭ᠎ᠠ ᠶᠢ ᠠᠳᠬᠤᠵᠤ᠂  ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠂ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠬᠤ᠂ ᠴᠢᠬᠤᠯᠠ ᠠᠰᠠᠭᠤᠳᠠᠯ ᠢ ᠪᠡᠶ᠎ᠡ ᠪᠠᠷ ᠢᠶᠠᠨ ᠰᠢᠢᠳᠪᠦᠷᠢᠯᠡᠬᠦ᠂  ᠴᠢᠬᠤᠯᠠ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠬᠤ ᠶᠢ ᠪᠠᠷᠢᠮᠳᠠᠯᠠᠬᠤ ᠭᠡᠷᠡᠭᠳᠡᠢ᠃ ᠤᠳᠤᠷᠢᠳᠬᠤ ᠪᠠᠭ ᠤᠨ ᠭᠡᠰᠢᠬᠦᠳ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ ᠬᠠᠮᠢᠭ᠎ᠠ ᠬᠦᠷᠲᠡᠯ᠎ᠡ ᠬᠢᠪᠡᠯ  ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠶᠢ ᠴᠤ ᠲᠡᠨᠳᠡ ᠬᠦᠷᠲᠡᠯ᠎ᠡ ᠭᠦᠨᠵᠡᠭᠡᠶᠢᠷᠡᠭᠦᠯᠬᠦ ᠬᠡᠷᠡᠭᠲᠡᠢ᠃ ᠭᠤᠷᠪᠠ ᠳᠤ᠂ ᠦᠵᠡᠯ ᠰᠠᠨᠠᠭᠠᠨ ᠤ ᠬᠥᠪᠴᠢ ᠶᠢ ᠴᠢᠩᠭᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠳᠤᠳᠬᠠᠨ᠎ᠠ᠃   ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠬᠠᠮᠤᠭ ᠤᠨ ᠲᠡᠷᠢᠭᠦᠨ ᠳᠤ ᠲᠠᠯᠪᠢᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ︽ᠳᠥᠷᠪᠡᠨ ᠰᠤᠷᠲᠠᠯ︾ ᠤᠨ ᠠᠰᠠᠭᠤᠳᠠᠯ ᠢ ᠬᠦᠴᠦᠯᠡᠨ ᠵᠠᠯᠠᠷᠠᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠨᠠᠮ ᠤᠨ ᠲᠦᠷᠢᠮ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠠᠲᠠᠭᠤ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠡᠯ᠎ᠡ ᠲᠦᠷᠦᠯ ᠤᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠎ᠠ᠃ ᠪᠥᠬᠦ ᠪᠠᠯᠭᠠᠰᠤᠨ ᠤ ᠤᠳᠤᠷᠢᠳᠬᠤ ᠺᠠᠳ᠋ᠷᠴᠤᠳ  ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠢᠯ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠠᠷᠭ᠎ᠠ ᠵᠠᠮ ᠰᠦᠪᠡᠭᠴᠢᠯᠡᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠥᠬᠦ ᠪᠠᠯᠭᠠᠰᠤᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠡᠭᠦᠷᠭᠡ ᠶᠢ ᠠᠬᠢᠭᠤᠯᠤᠨ᠂  ᠵᠢᠷᠭᠠᠯᠠᠩᠳᠤ  ᠰᠠᠶᠢᠬᠠᠨ ᠴᠢᠶᠠᠨ ᠶᠢᠨ ᠭᠸᠦ ᠪᠠᠯᠭᠠᠰᠤ ᠶᠢ  ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号