ᠲᠠᠶᠢᠹᠤᠰᠧ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠲᠠᠶᠢᠯᠠᠯᠳᠤᠭᠠᠨ ᠤ ᠠᠮᠢ ᠠᠬᠤᠢ ᠶᠢᠨ ᠵᠠᠰᠠᠯᠳᠠ ᠶᠢᠨ ᠲᠥᠷᠥᠯ ᠵᠦᠢᠯ ᠪᠦᠬᠦ ᠲᠠᠯᠠᠪᠠᠷ ᠡᠬᠢᠯᠡᠭᠰᠡᠨ
ᠨᠡᠶᠢᠲᠡᠯᠡᠭᠰᠡᠨ ᠴᠠᠭ᠄
2024/3/18
  ᠣᠶᠢᠷ᠎ᠠ ᠳᠤ᠂ ᠲᠠᠶᠢᠹᠤᠰᠧ ᠬᠤᠰᠢᠭᠤᠨ ᠤ ᠴᠢᠶᠠᠨ ᠶᠢᠨ ᠭᠧᠦ ᠪᠠᠯᠭᠠᠰᠤᠨ ᠤ ᠯᠢᠨ ᠲᠠᠨ ᠲᠣᠰᠬᠤᠨ ᠤ ᠨᠢᠭᠡᠨ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠲᠣᠭᠤᠷᠢᠭ ᠲᠤ ᠬᠦᠷᠬᠦᠶ᠎ᠡ᠂ ᠲᠣᠮᠣ ᠬᠡᠯᠪᠡᠷᠢ ᠶᠢᠨ ᠮᠠᠰᠢᠨ ᠲᠦᠬᠦᠭᠡᠷᠦᠮᠵᠢ ᠰᠦᠯᠵᠢᠯᠳᠦᠵᠦ᠂  ᠤᠢ ᠰᠢᠭᠤᠢ ᠶᠢ ᠠᠷᠠᠴᠢᠯᠠᠨ ᠪᠣᠶᠢᠵᠢᠭᠤᠯᠬᠤ ᠠᠵᠢᠯ ᠡᠮᠬᠢ ᠵᠢᠷᠤᠮ ᠲᠠᠢ ᠶᠠᠪᠤᠭᠳᠠᠨ᠎ᠠ᠃  ᠨᠢᠯᠬ᠎ᠠ ᠮᠣᠳᠣᠨ ᠤ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠲᠣᠭᠤᠷᠢᠭ ᠲᠤ᠂ ᠠᠵᠢᠯᠴᠢᠳ ᠶᠠᠭ   ᠬᠠᠳᠠᠵᠤ ᠬᠤᠪᠠᠭ᠋ᠠᠶᠢᠷᠠᠭᠰᠠᠨ ᠰᠠᠯᠠᠭ᠎ᠠ ᠮᠥᠴᠢᠷ ᠢ ᠬᠠᠶᠢᠴᠢᠯᠠᠨ ᠵᠠᠰᠠᠵᠤ᠂  ᠨᠠᠷᠠ ᠰᠠᠯᠬᠢ ᠨᠡᠪᠲᠡᠷᠡᠬᠦ ᠨᠥᠬᠦᠴᠡᠯ ᠢ ᠰᠠᠶᠢᠵᠢᠷᠠᠭᠤᠯᠤᠨ᠂  ᠤᠢ ᠮᠣᠳᠣᠨ ᠤ ᠡᠪᠡᠳᠴᠢᠨ ᠭᠡᠮ ᠪᠠ ᠬᠤᠷᠣᠬᠠᠢ ᠶᠢᠨ ᠬᠥᠨᠥᠭᠡᠯ ᠢ ᠡᠰᠡᠷᠭᠦᠴᠡᠬᠦ ᠴᠢᠳᠠᠪᠤᠷᠢ ᠶᠢ  ᠨᠡᠮᠡᠭᠳᠡᠬᠦᠯᠵᠦ᠂ ᠮᠣᠳᠣᠨ ᠤ ᠤᠷᠭᠤᠯᠲᠠ ᠶᠢ ᠪᠠᠳᠤᠯᠠᠬᠤ  ᠎ ᠪᠠᠷ ᠴᠢᠷᠮᠠᠶᠢᠨ᠎ᠠ᠃ ᠡᠨᠡ ᠪᠣᠯ ᠲᠠᠶᠢᠹᠤᠰᠧ ᠬᠤᠰᠢᠭᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠳᠠ ᠶᠢᠨ ᠲᠦᠷᠦᠯ ᠵᠦᠢᠯ ᠤᠨ ᠠᠬᠤᠢ ᠲᠠᠯᠠᠪᠠᠢ ᠪᠣᠯᠣᠨ᠎ᠠ᠃ 3 ᠰᠠᠷ᠎ᠠ ᠶᠢᠨ 15᠎ ᠤ ᠡᠳᠦᠷ ᠠᠴᠠ ᠪᠥᠬᠦ ᠬᠤᠰᠢᠭᠤᠨ ᠤ ᠡᠨᠡ ᠬᠠᠪᠤᠷ ᠤᠨ ᠲᠥᠷᠥᠯ ᠵᠦᠢᠯ ᠤᠨ ᠪᠠᠶᠢᠭᠤᠯᠤᠯᠲᠠ ᠵᠢᠩᠬᠢᠨᠢ ᠪᠠᠷ ᠡᠬᠢᠯᠡᠭᠰᠡᠨ ᠪᠠᠶᠢᠨ᠎ᠠ᠃ ᠡᠨᠡ ᠨᠢ ᠮᠥᠨ ᠴᠦ ᠲᠠᠶᠢᠹᠤᠰᠧ ᠬᠤᠰᠢᠭᠤᠨ ᠤ 2024 ᠣᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠲᠠᠶᠢᠯᠠᠯᠳᠤᠭᠠᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠳᠠ ᠶᠢᠨ ᠲᠥᠷᠥᠯ ᠵᠦᠢᠯ ᠪᠥᠬᠦ ᠲᠠᠯ᠎ᠠ ᠪᠠᠷ ᠡᠬᠢᠯᠡᠭᠰᠡᠨ ᠢ  ᠬᠠᠷᠠᠭᠤᠯᠤᠨ᠎ᠠ᠃    ᠣᠶᠢᠯᠠᠭᠠᠭᠰᠠᠨ ᠢᠶᠠᠷ᠂  ᠲᠠᠶᠢᠹᠤᠰᠧ ᠬᠤᠰᠢᠭᠤᠨ ᠤ 2024 ᠣᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠲᠠᠶᠢᠯᠠᠯᠳᠤᠭᠠᠨ ᠤ ᠭᠤᠣᠯᠳᠠᠯᠭ᠎ᠠ ᠲᠠᠢ ᠢᠨᠵᠧᠨᠧᠷᠢᠩ ᠳᠤ ᠲᠥᠪ ᠤᠨ ᠡᠳ᠋ ᠤᠨ ᠵᠠᠰᠠᠭ ᠤᠨ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠲᠤᠷᠰᠢᠯᠲᠠ ᠶᠢᠨ ᠲᠦᠷᠦᠯ ᠵᠦᠢᠯ᠂ ᠣᠶᠢᠵᠢᠭᠤᠯᠤᠯᠲᠠ ᠶᠢᠨ ᠨᠥᠬᠦᠪᠦᠷᠢ ᠲᠠᠢ ᠪᠤᠳᠠᠯᠢᠭ ᠮᠣᠳᠣᠨ ᠤ ᠣᠶ ᠰᠢᠭᠤᠢ ᠶᠢᠨ ᠥᠭᠡᠷᠡᠴᠢᠯᠡᠯᠲᠡ ᠶᠢᠨ ᠲᠦᠷᠦᠯ ᠵᠦᠢᠯ᠂ ᠨᠢᠯᠬ᠎ᠠ  ᠮᠤᠳᠤ  ᠠᠷᠠᠴᠢᠯᠠᠨ ᠪᠤᠶᠢᠵᠢᠭᠤᠯᠬᠤ ᠲᠦᠷᠦᠯ ᠵᠦᠢᠯ  ︾᠎ ᠢ ᠪᠠᠭᠲᠠᠭᠠᠭᠰᠠᠨ ᠭᠤᠷᠪᠠᠨ ᠲᠦᠷᠦᠯ ᠤᠨ ᠡᠭᠦᠷᠭᠡ ᠪᠠᠶᠢᠭ᠎ᠠ᠃ ᠪᠦᠲᠦᠭᠡᠨ ᠪᠠᠶᠢᠭᠤᠯᠬᠤ ᠠᠭᠤᠯᠭ᠎ᠠ ᠳᠤ ᠬᠥᠮᠥᠨ ᠤ ᠬᠦᠴᠦ ᠪᠠᠷ ᠮᠤᠳᠤ ᠲᠠᠷᠢᠬᠤ᠂ ᠮᠠᠭᠤᠳᠠᠭᠰᠠᠨ ᠣᠶ ᠮᠤᠳᠤ ᠶᠢ ᠰᠡᠷᠭᠦᠭᠡᠬᠦ᠂  ᠪᠤᠳᠠᠯᠢᠭ ᠮᠣᠳᠣᠨ ᠤ ᠣᠶ ᠶᠢ ᠰᠠᠶᠢᠵᠢᠷᠠᠭᠤᠯᠬᠤ᠂ ᠪᠢᠲᠡᠭᠦᠮᠵᠢᠯᠡᠨ ᠬᠠᠮᠢᠶᠠᠷᠴᠤ ᠬᠠᠮᠠᠭᠠᠯᠠᠬᠤ᠂ ᠲᠤᠷᠤᠭ ᠮᠣᠳᠣᠨ ᠤ ᠰᠠᠯᠠᠭ᠎ᠠ ᠮᠥᠴᠢᠷ ᠢ ᠵᠠᠰᠠᠬᠤ᠂ ᠡᠪᠡᠰᠦ ᠠᠷᠢᠯᠭᠠᠵᠤ ᠬᠥᠷᠥᠰᠥ ᠰᠤᠯᠠᠯᠠᠬᠤ ᠵᠡᠷᠭᠡ ᠠᠵᠢᠯ  ᠪᠠᠭᠲᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢ 2 ᠵᠢᠯ ᠪᠠᠶᠢᠵᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠬᠠᠮᠤᠷᠤᠨ᠂ ᠶᠡᠷᠦᠩᠬᠡᠢ ᠲᠠᠯᠠᠪᠠᠶ ᠨᠢ 24.97 ᠲᠦᠮᠡᠨ ᠮᠦ ᠳᠤ ᠬᠦᠷᠬᠦ ᠪᠤᠯᠤᠨ᠎ᠠ᠃ 2023 ᠣᠨ ᠳᠤ᠂ ᠲᠡᠭᠦᠨ ᠤ ᠳᠣᠲᠣᠷᠠᠬᠢ ᠬᠤᠶᠠᠷ ᠲᠥᠷᠥᠯ ᠵᠦᠢᠯ ᠤᠨ ᠬᠢᠨᠢ ᠡᠮᠦᠨᠡᠬᠢ ᠬᠤᠭᠤᠴᠠᠭᠠᠨ ᠤ ᠲᠦᠰᠦᠪ ᠲᠥᠯᠥᠪᠯᠡᠭᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠡᠰᠡᠭ ᠭᠠᠵᠠᠷ ᠰᠢᠷᠤᠢ ᠶᠢ ᠤᠷᠢᠳᠴᠢᠯᠠᠨ ᠲᠡᠭᠰᠢᠯᠡᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠠᠵᠢᠯ ᠡᠭᠦᠷᠭᠡ ᠶᠢ ᠨᠢᠭᠡᠨᠲᠡ ᠪᠡᠶᠡᠯᠡᠬᠦᠯᠵᠡᠢ᠃   ︽ᠮᠠᠨ ᠤ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠲᠠᠶᠢᠯᠠᠯᠳᠤᠭᠠᠨ ᠳᠤ ᠭᠤᠷᠪᠠᠨ ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠪᠤᠢ  ᠂ ᠲᠤᠬᠠᠶᠢᠯᠠᠪᠠᠯ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ 18.97 ᠲᠦᠮᠡᠨ ᠮᠦ   ᠂ ᠨᠢᠯᠬ᠎ᠠ ᠮᠤᠳᠤ ᠶᠢ ᠠᠷᠠᠴᠢᠯᠠᠨ ᠪᠣᠶᠢᠵᠢᠭᠤᠯᠬᠤ ᠲᠥᠷᠥᠯ ᠵᠦᠢᠯ 1 ᠲᠦᠮᠡᠨ ᠮᠦ  ᠂  ᠣᠶᠢᠵᠢᠭᠤᠯᠤᠯᠲᠠ ᠶᠢᠨ ᠨᠥᠬᠦᠪᠦᠷᠢ ᠲᠠᠢ ᠪᠤᠳᠠᠯᠢᠭ ᠮᠣᠳᠣᠨ ᠤ ᠣᠶ ᠰᠢᠭᠤᠢ ᠶᠢᠨ ᠥᠭᠡᠷᠡᠴᠢᠯᠡᠯᠲᠡ ᠶᠢᠨ ᠲᠦᠷᠦᠯ ᠵᠦᠢᠯ 5 ᠲᠦᠮᠡᠨ ᠮᠦ ᠃ ᠨᠢᠳᠤᠨᠤᠨ ᠨᠢᠭᠡᠨᠲᠡ  ᠨᠢᠭᠡ ᠪᠦᠯᠦᠭ ᠠᠵᠢᠯ ᠡᠭᠦᠷᠭᠡ ᠶᠢ ᠪᠡᠶᠡᠯᠡᠬᠦᠯᠵᠡᠢ᠂ ᠦᠯᠡᠳᠡᠭᠰᠡᠨ ᠡᠭᠦᠷᠭᠡ ᠶᠢ ᠡᠨᠡ ᠵᠢᠯ ᠤᠨ 5 ᠰᠠᠷ᠎ᠠ ᠶᠢᠨ ᠰᠡᠭᠦᠯᠴᠢ ᠪᠠᠷ ᠪᠦᠬᠦᠨ ᠢ  ᠪᠡᠶᠡᠯᠡᠬᠦᠯᠦᠨ᠎ᠡ︾ ᠭᠡᠵᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠾᠧᠦ ᠭᠤᠸᠠᠨ ᠨᠠᠨ ᠲᠠᠨᠢᠯᠴᠠᠭᠤᠯᠪᠠ᠃    ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠠᠤᠭᠴᠠᠯᠠᠬᠤ ᠶᠢᠨ ᠲᠦᠯᠦᠭᠡ᠂  ᠲᠠᠶᠢᠹᠤᠰᠧ ᠬᠤᠰᠢᠭᠤ ᠨᠢ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠵᠤ᠂ ᠡᠷᠲᠡ ᠠᠴᠠ  ᠬᠦᠳᠡᠯᠦᠯᠴᠡᠵᠦ᠂ ᠪᠥᠬᠦ ᠬᠤᠰᠢᠭᠤ ᠪᠠᠷ ᠢᠶᠠᠨ ᠰᠡᠳᠬᠢᠯ ᠨᠢᠭᠡᠳᠦᠨ᠂ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠲᠠᠪᠤᠨ ᠶᠡᠭᠡ ᠡᠭᠦᠷᠭᠡ︾᠎ ᠶᠢ ᠰᠠᠶᠢᠲᠤᠷ ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾᠎ ᠳᠤ ᠠᠩᠬᠠᠷᠤᠯ ᠢᠶᠠᠨ ᠲᠦᠪᠯᠡᠷᠡᠬᠦᠯᠵᠦ᠂  ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠪᠠ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠡᠬᠦᠷᠭᠡ ᠶᠢ ᠪᠥᠬᠦ ᠬᠦᠴᠦᠨ ᠢᠶᠠᠷ ᠠᠬᠢᠭᠤᠯᠤᠨ᠂  ᠣᠷᠳᠣ ᠬᠤᠭᠤᠴᠠᠭ᠎ᠠ ᠪᠠᠷ ᠴᠢᠷᠮᠠᠶᠢᠨ ᠠᠵᠢᠯᠯᠠᠵᠤ ᠪᠠᠶᠢᠭᠠᠳ᠂ ᠰᠦᠨᠦᠬᠡᠯᠳᠡ ᠶᠢᠨ ᠲᠠᠶᠢᠯᠠᠯᠳᠤᠭᠠᠨ ᠤ ᠢᠯᠠᠯᠲᠠ ᠶᠢ ᠤᠯᠵᠤ᠂  ᠪᠣᠬᠢᠷᠲᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠤᠭᠴᠠᠯᠠᠬᠤ ᠎ ᠪᠠᠷ ᠪᠠᠶᠢᠨ᠎ᠠ᠃    ︽ ᠲᠠᠶᠢᠹᠦᠰᠧ ᠬᠤᠰᠢᠭᠤᠨ ᠤ 2024 ᠣᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠵᠢᠩᠬᠢᠨᠢ ᠪᠠᠷ ᠡᠬᠢᠯᠡᠯ᠎ᠡ᠂ ᠪᠢᠳᠡ ᠳᠡᠭᠡᠳᠦ ᠱᠠᠲᠤᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂  ᠥᠷᠢᠰᠦᠯᠳᠦᠭᠡᠨ ᠢ ᠤᠭᠳᠤᠨ᠂  ᠲᠣᠬᠢᠶᠠᠯ ᠢ ᠡᠵᠡᠮᠳᠡᠵᠦ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠪᠡᠶᠡᠯᠡᠬᠦᠯᠦᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠲᠠᠶᠢᠹᠦᠰᠧ ᠬᠤᠰᠢᠭᠤᠨ ᠤ ᠎ ᠪᠠᠨ ᠬᠦᠴᠦᠨ ᠴᠢᠳᠠᠯ ᠢ ᠡᠷᠭᠦᠨ᠎ᠡ︾ ᠭᠡᠵᠦ ᠾᠧᠦ ᠭᠤᠸᠠᠨ ᠨᠠᠨ ᠢᠳᠡᠭᠡᠯ ᠲᠠᠢ ᠶᠠᠷᠢᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号