ᠠᠰᠠᠷ ᠤᠨ ᠬᠤᠩᠭᠢᠯ ᠳᠤ ᠡᠯᠳᠡᠪ ᠶᠠᠭᠤᠮ᠎ᠠ ᠤᠪᠤᠭᠠᠯᠠᠬᠤ ᠪᠠ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠤᠭᠠᠬᠤ ᠶᠢ ᠴᠠᠭᠠᠵᠠᠯᠠᠬᠤ ᠲᠤᠬᠠᠢ ᠠᠮᠤᠷ ᠲᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/3/18
ᠦᠷᠭᠡᠨ ᠤᠯᠠᠨ ᠰᠠᠭᠤᠭᠠᠯᠢ ᠠᠷᠠᠳ ᠲᠤ  ᠄     ᠣᠶᠢᠷ᠎ᠠ ᠶᠢᠨ ᠬᠤᠭᠤᠴᠠᠭᠠᠨ ᠳᠤ᠂ ᠰᠠᠭᠤᠭᠠᠯᠢ ᠲᠣᠭᠤᠷᠢᠭ ᠤᠨ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠤᠪᠤᠭᠠᠯᠠᠭᠰᠠᠨ ᠪᠠ ᠴᠠᠬᠢᠯᠭᠠᠨ ᠬᠦᠳᠡᠯᠬᠡᠬᠦᠷᠳᠦ ᠲᠡᠷᠭᠡ ᠵᠤᠭᠰᠤᠭᠠᠭᠰᠠᠨ ᠠᠴᠠ ᠪᠤᠯᠤᠭᠠᠳ ᠭᠠᠯ ᠤᠨ ᠠᠶᠤᠯ ᠭᠠᠷᠴᠤ ᠰᠠᠭᠤᠭᠠᠯᠢ ᠠᠷᠠᠳ ᠤᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠭᠡᠷᠡᠭ ᠤᠯᠠᠨ ᠭᠠᠵᠠᠷ ᠲᠤ ᠡᠬᠦᠰᠴᠡᠢ᠃ ᠴᠠᠬᠢᠯᠭᠠᠨ ᠬᠥᠳᠡᠯᠭᠡᠭᠦᠷᠲᠦ ᠲᠡᠷᠭᠡᠨ ᠠᠴᠠ ᠪᠤᠯᠤᠭᠰᠠᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠵᠤ᠂ ᠲᠠᠭᠠᠯᠠᠮᠵᠢᠲᠠᠢ ᠰᠠᠶᠢᠬᠠᠨ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠣᠢ  ᠪᠤᠯᠭᠠᠬᠤ ᠶᠢᠨ ᠲᠤᠰᠠᠳᠠ᠂ ᠲᠤᠰ ᠰᠠᠨᠠᠭᠤᠯᠭ᠎ᠠ ᠶᠢ ᠣᠨᠴᠠᠭᠠᠶᠢᠯᠠᠨ ᠭᠠᠷᠭᠠᠵᠤ ᠪᠠᠶᠢᠨ᠎ᠠ᠃     ᠨᠢᠭᠡ᠂ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠬᠤ ᠶᠢ ᠡᠷᠡᠰ ᠴᠠᠭᠠᠵᠠᠯᠠᠨ᠎ᠠ᠃  ᠠᠰᠠᠷ ᠤᠨ ᠬᠤᠩᠭᠢᠯ ᠪᠣᠯ ᠠᠶᠤᠯ ᠠᠴᠠ ᠵᠠᠶᠢᠯᠠᠵᠤ ᠠᠮᠢ ᠵᠢᠭᠤᠲᠠᠬᠤ ᠪᠠᠳᠤᠯᠠᠭᠠᠳᠤ ᠵᠠᠮ ᠪᠠᠶᠢᠭ᠎ᠠ᠃ ᠶᠠᠮᠠᠷᠪᠠ ᠶᠠᠭᠤᠮ᠎ᠠ ᠬᠡᠦᠮ᠎ᠡ ᠶᠢ ᠣᠪᠣᠭᠠᠯᠠᠨ ᠲᠠᠯᠪᠢᠬᠤ ᠨᠢ ᠡᠨᠡᠬᠦ ᠵᠠᠮ ᠤᠨ ᠨᠡᠪᠲᠡᠷᠡᠬᠦ ᠶᠢ ᠬᠠᠷᠰᠢᠯᠠᠵᠤ᠂  ᠠᠶᠤᠯ ᠠᠴᠠ ᠵᠠᠶᠢᠯᠠᠵᠤ ᠠᠮᠢ ᠵᠢᠭᠤᠲᠠᠬᠤ ᠳᠤ  ᠬᠦᠴᠢᠷ ᠲᠦᠪᠡᠭ ᠬᠠᠷᠰᠢ ᠰᠠᠭᠠᠳ ᠠᠪᠴᠢᠷᠠᠵᠤ ᠮᠡᠳᠡᠨ᠎ᠡ᠃ ᠶᠠᠮᠠᠷᠪᠠ ᠬᠦᠮᠦᠨ ᠣᠯᠠᠨ ᠨᠡᠶᠢᠲᠡ ᠶᠢᠨ ᠭᠠᠵᠠᠷ ᠢ  ᠡᠵᠡᠯᠡᠵᠦ᠂ ᠠᠶᠤᠯ ᠠᠴᠠ ᠵᠠᠶᠢᠯᠠᠬᠤ ᠵᠠᠮ ᠢ ᠪᠦᠭᠯᠡᠨ᠂ ᠡᠳ᠋ ᠪᠣᠳᠠᠰ ᠢᠶᠠᠨ ᠣᠪᠣᠭᠠᠯᠠᠵᠤ ᠪᠣᠯᠬᠤ ᠦᠭᠡᠢ᠂  ᠬᠠᠷᠢᠨ ᠠᠰᠠᠷ ᠤᠨ ᠬᠤᠩᠭᠢᠯ ᠤᠨ ᠠᠷᠢᠭᠤᠨ ᠴᠡᠪᠡᠷ ᠪᠦᠭᠡᠳ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃     ᠬᠤᠶᠠᠷ᠂ ᠠᠰᠠᠷ ᠤᠨ ᠬᠤᠩᠭᠢᠯ ᠳᠤ ᠴᠠᠬᠢᠯᠭᠠᠨ ᠬᠦᠳᠡᠯᠬᠡᠬᠦᠷᠳᠦ ᠲᠡᠷᠭᠡ  ᠵᠣᠭᠰᠤᠭᠠᠬᠤ ᠶᠢ ᠡᠷᠡᠰ ᠴᠠᠭᠠᠵᠠᠯᠠᠨ᠎ᠠ  ᠃ ᠴᠠᠬᠢᠯᠭᠠᠨ ᠬᠦᠳᠡᠯᠬᠡᠬᠦᠷᠳᠦ ᠲᠡᠷᠭᠡ ᠨᠢ ᠴᠠᠬᠢᠯᠭᠠᠨ ᠴᠡᠨᠡᠭᠯᠡᠬᠦ ᠪᠤᠶᠤ ᠬᠡᠷᠡᠭᠯᠡᠬᠦ ᠶᠠᠪᠤᠴᠠ ᠳᠤ ᠵᠣᠬᠢᠬᠤ ᠬᠡᠮᠵᠢᠶᠡᠨ ᠤ   ᠳᠠᠯᠳᠠ ᠠᠶᠤᠯ ᠣᠷᠣᠰᠢᠵᠤ ᠪᠠᠶᠢᠳᠠᠭ᠂ ᠠᠰᠠᠷ ᠤᠨ ᠬᠤᠩᠭᠢᠯ ᠳᠤ ᠲᠠᠯᠪᠢᠭᠰᠠᠨ ᠴᠠᠬᠢᠯᠭᠠᠨ ᠬᠦᠳᠡᠯᠬᠡᠬᠦᠷᠳᠦ ᠲᠡᠷᠭᠡ ᠠᠴᠠ ᠭᠠᠯ ᠤᠨ ᠠᠶᠤᠯ ᠭᠠᠷᠪᠠᠯ ᠦᠷ᠎ᠡ ᠳ᠋ᠦᠩ ᠨᠢ ᠰᠡᠳᠬᠢᠭᠳᠡᠰᠢ ᠦᠭᠡᠢ ᠶᠤᠮ᠃ ᠡᠶᠢᠮᠦ ᠠᠴᠠ᠂ ᠴᠠᠬᠢᠯᠭᠠᠨ ᠬᠦᠳᠡᠯᠬᠡᠬᠦᠷᠳᠦ ᠲᠡᠷᠭᠡ ᠪᠠᠨ ᠲᠣᠭᠲᠠᠭᠰᠠᠨ ᠭᠠᠵᠠᠷ ᠲᠤ ᠵᠤᠭᠰᠤᠭᠠᠬᠤ ᠭᠡᠷᠡᠭᠳᠡᠢ᠂ ᠠᠰᠠᠷ ᠤᠨ ᠬᠤᠩᠬᠢᠯ᠂  ᠠᠶᠤᠯ ᠠᠴᠠ ᠵᠠᠶᠢᠯᠠᠬᠤ ᠵᠠᠮ ᠪᠤᠶᠤ ᠡᠭᠦᠳᠡ ᠵᠡᠷᠭᠡ ᠣᠯᠠᠨ ᠨᠡᠶᠢᠲᠡ ᠶᠢᠨ ᠭᠠᠵᠠᠷ ᠲᠤ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠬᠤ  ᠪᠠ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠶᠢ ᠡᠷᠡᠰ ᠴᠠᠭᠠᠵᠠᠯᠠᠵᠤ᠂  ᠡᠬᠦᠳᠡ ᠴᠤᠩᠬᠤ ᠪᠠᠷ ᠢᠶᠠᠨ  ᠤᠲᠠᠰᠤ ᠲᠠᠳᠠᠵᠤ ᠴᠠᠬᠢᠯᠭᠠᠨ ᠴᠡᠨᠡᠭᠯᠡᠬᠦ ᠶᠢ ᠡᠷᠡᠰ ᠴᠠᠭᠠᠵᠠᠯᠠᠨ᠎ᠠ᠃     ᠰᠠᠭᠤᠭᠠᠯᠢ ᠡᠷᠦᠬᠡ ᠤᠳ ᠨᠢ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠷᠢᠯᠴᠠᠨ ᠬᠢᠨᠠᠯᠲᠠ ᠲᠠᠯᠪᠢᠵᠤ᠂ ᠰᠠᠶᠢᠨ ᠰᠠᠶᠢᠬᠠᠨ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ ᠨᠦᠬᠦᠴᠡᠯ ᠢ ᠬᠠᠮᠲᠤᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ᠃    ᠳᠣᠲᠣᠨᠣ ᠰᠠᠨᠠᠭᠤᠯᠤᠮᠵᠢ᠄      ᠦᠪᠡᠷ ᠤᠨ ᠪᠡᠶ᠎ᠡ ᠪᠠ ᠦᠷᠦᠭᠡᠯ ᠪᠤᠰᠤᠳ ᠤᠨ ᠠᠮᠤᠷ ᠲᠦᠪᠰᠢᠨ ᠢ ᠪᠤᠳᠤᠭᠠᠴᠢ᠂ ᠠᠵᠠ ᠬᠠᠷᠠᠬᠤ ᠪᠤᠳᠤᠯ ᠰᠡᠳᠬᠢᠯ ᠢ ᠡᠷᠡᠰ ᠲᠡᠪᠴᠢᠭᠳᠦᠨ︕    ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠤᠨ ᠬᠤᠩᠬᠢᠯ ᠳᠤ ᠲᠠᠯᠪᠢᠬᠤ ᠪᠠ ᠴᠠᠬᠢᠯᠭᠠᠨ ᠴᠡᠨᠡᠭᠯᠡᠬᠦ ᠶᠢ ᠡᠷᠡᠰ ᠴᠠᠭᠠᠵᠠᠯᠠᠶ᠎ᠠ︕    ᠡᠬᠦᠳᠡ ᠴᠤᠩᠬᠤ ᠪᠠᠷ ᠢᠶᠠᠨ ᠤᠲᠠᠰᠤ ᠲᠠᠳᠠᠵᠤ ᠴᠠᠬᠢᠯᠭᠠᠨ ᠴᠡᠨᠡᠭᠯᠡᠬᠦ ᠶᠢ ᠡᠷᠡᠰ ᠴᠠᠭᠠᠵᠠᠯᠠᠶ᠎ᠠ︕    ᠠᠰᠠᠷ ᠤᠨ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠲᠡᠷᠭᠡ ᠵᠤᠭᠰᠤᠭᠠᠬᠤ ᠶᠢ ᠡᠷᠡᠰ ᠴᠠᠭᠠᠵᠠᠯᠠᠶ᠎ᠠ︕    ᠴᠠᠬᠢᠯᠭᠠᠨ ᠬᠥᠳᠡᠯᠭᠡᠭᠦᠷᠲᠦ ᠲᠡᠷᠭᠡ ᠪᠤᠶᠤ ᠴᠠᠬᠢᠯᠭᠠᠨ ᠴᠡᠨᠡᠭ ᠢ ᠠᠰᠠᠷ ᠳᠡᠭᠡᠷ᠎ᠡ ᠭᠠᠷᠭᠠᠵᠤ ᠭᠡᠷ ᠲᠡᠭᠡᠨ ᠤᠷᠤᠭᠤᠯᠬᠤ ᠶᠢ ᠡᠷᠡᠰ ᠴᠠᠭᠠᠵᠠᠯᠠᠶ᠎ᠠ︕    ᠴᠠᠬᠢᠯᠭᠠᠨ ᠬᠥᠳᠡᠯᠭᠡᠭᠦᠷᠲᠦ ᠲᠡᠷᠭᠡᠨ ᠳᠤ ᠤᠷᠳᠤ ᠬᠤᠭᠤᠴᠠᠭ᠎ᠠ ᠪᠠᠷ ᠴᠠᠬᠢᠯᠭᠠᠨ ᠴᠡᠨᠡᠭᠯᠡᠵᠦ ᠪᠣᠯᠬᠤ ᠦᠭᠡᠢ  ︕    ᠴᠠᠬᠢᠯᠭᠠᠨ ᠬᠥᠳᠡᠯᠭᠡᠭᠦᠷᠲᠦ ᠲᠡᠷᠭᠡ ᠶᠢ ᠰᠣᠬᠤᠷ ᠪᠠᠯᠠᠢ ᠪᠠᠷ ᠥᠭᠡᠷᠡᠴᠢᠯᠡᠨ ᠵᠠᠰᠠᠵᠤ ᠪᠤᠯᠬᠤ ᠦᠭᠡᠢ  ︕    ᠴᠠᠬᠢᠯᠭᠠᠨ ᠬᠥᠳᠡᠯᠭᠡᠭᠦᠷᠲᠦ ᠲᠡᠷᠭᠡ ᠶᠢ ᠭᠡᠷᠡᠭᠯᠡᠬᠦ ᠳᠡᠭᠡᠨ ᠪᠠᠶᠢᠴᠠᠭᠠᠵᠤ ᠠᠷᠠᠴᠢᠯᠠᠬᠤ ᠶᠢ ᠪᠤᠤ ᠤᠪᠠᠶᠢᠯᠠᠭᠠᠷᠠᠢ︕
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号