ᠶᠦᠩ ᠹᠧᠩ ᠪᠠᠯᠭᠠᠰᠤ ᠠᠷᠠᠳ ᠤᠨ ᠶᠠᠪᠤᠳᠠᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
      3 ᠰᠠᠷ᠎ᠠ ᠶᠢᠨ 13 ᠤ ᠡᠳᠦᠷ᠂ ᠶᠦᠩ ᠹᠧᠩ ᠪᠠᠯᠭᠠᠰᠤ 2024 ᠣᠨ ᠤ ᠠᠷᠠᠳ ᠤᠨ ᠶᠠᠪᠤᠳᠠᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠣᠨᠴᠠ ᠬᠦᠴᠢᠷᠳᠡᠯᠲᠡᠢ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠂ ᠣᠷᠣᠯᠭ᠎ᠠ ᠪᠠᠭᠠᠲᠠᠢ ᠬᠥᠮᠥᠨ ᠠᠮᠠ ᠳᠤ ᠠᠰᠢᠭ ᠬᠦᠷᠲᠡᠭᠡᠬᠦ᠂ ᠥᠨᠳᠥᠷ ᠨᠠᠰᠤᠳᠠᠢ ᠬᠦᠮᠦᠰ ᠤᠨ ᠨᠡᠮᠡᠭᠦᠷᠢ ᠮᠥᠩᠭᠦ᠂ ᠣᠷᠣᠰᠢᠭᠤᠯᠭ᠎ᠠ ᠶᠢᠨ ᠦᠢᠯᠡᠴᠢᠯᠡᠭᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠡᠯ᠎ᠡ ᠲᠦᠷᠦᠯ ᠤᠨ ᠠᠷᠠᠳ ᠤᠨ ᠶᠠᠪᠤᠳᠠᠯ ᠤᠨ ᠠᠵᠢᠯ ᠳᠤ ᠪᠣᠳᠠᠲᠠᠢ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ᠃  ᠬᠤᠷᠠᠯ ᠠᠴᠠ᠂ ᠡᠯ᠎ᠡ ᠲᠣᠰᠬᠤᠨ ᠤ ᠱᠦᠵᠢ ᠨᠠᠷ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ  ᠬᠦᠢᠴᠡᠳᠭᠡᠨ᠂ ᠠᠷᠠᠳ ᠤᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠭᠤᠣᠯᠳᠠᠯᠭ᠎ᠠ ᠶᠢ ᠠᠩᠬᠠᠷᠴᠤ᠂ ᠡᠯ᠎ᠡ ᠲᠦᠷᠦᠯ ᠤᠨ ᠲᠠᠩᠰᠠ ᠡᠪᠬᠡᠮᠡᠯ ᠢ ᠡᠮᠬᠢᠯᠡᠨ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠪᠠᠲᠤ ᠪᠤᠢ ᠪᠤᠯᠭᠠᠨ᠂ ᠪᠦᠬᠦ ᠬᠦᠴᠦᠨ ᠢᠶᠠᠷ ᠢᠶᠠᠨ ᠠᠵᠢᠯ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠰᠠᠶᠢᠳᠤᠷ ᠡᠵᠡᠮᠰᠢᠬᠦ   ᠶᠢᠨ ᠬᠠᠮᠳᠤ ᠠᠵᠢᠯ ᠤᠨ ᠶᠠᠪᠤᠴᠠ ᠶᠢ ᠲᠦᠷᠢᠮᠵᠢᠬᠦᠯᠦᠨ᠂  ᠨᠠᠷᠢᠯᠢᠭ ᠤᠨᠤᠪᠴᠢᠳᠠᠢ ᠮᠠᠭᠠᠳᠯᠠᠨ ᠲᠣᠭᠲᠠᠭᠠᠵᠤ᠂  ᠨᠠᠷᠢᠯᠢᠭ ᠤᠨᠤᠪᠴᠢᠳᠠᠢ ᠢᠯᠭᠠᠨ ᠲᠠᠨᠢᠵᠤ᠂ ᠠᠷᠠᠳ ᠢᠷᠭᠡᠳ ᠲᠤ ᠨᠡᠩ ᠲᠣᠳᠣᠷᠬᠠᠢ ᠠᠵᠢᠯ ᠤᠨ ᠵᠢᠯᠣᠭᠤᠳᠤᠯᠭ᠎ᠠ ᠬᠠᠩᠭᠠᠨ᠂ ᠪᠠᠲᠤᠯᠠᠬᠤ ᠶᠣᠰᠣᠲᠠᠢ ᠶᠢ ᠨᠢ ᠪᠠᠲᠤᠯᠠᠵᠤ᠂  ᠭᠠᠷᠭᠠᠬᠤ ᠶᠣᠰᠣᠲᠠᠢ ᠶᠢ ᠨᠢ ᠭᠠᠷᠭᠠᠵᠤ᠂  ᠪᠦᠬᠦ ᠪᠠᠯᠭᠠᠰᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠠᠵᠢᠯ ᠤᠨ ᠡᠷᠬᠡ ᠲᠡᠭᠰᠢ᠂ ᠢᠯᠡ ᠲᠣᠳᠣ᠂ ᠲᠥᠪ ᠭᠤᠣᠯᠴᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠠᠰᠠ ᠪᠠᠯᠭᠠᠰᠤᠨ ᠤ ᠠᠷᠠᠳ ᠤᠨ ᠶᠠᠪᠤᠳᠠᠯ ᠤᠨ ᠠᠵᠢᠯᠲᠠᠨ ᠪᠣᠯᠣᠨ ᠡᠯ᠎ᠡ ᠲᠣᠰᠬᠤᠨ ᠤ ᠱᠦᠵᠢ ᠨᠠᠷ ᠠᠵᠢᠯ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠨ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠡᠷᠢᠵᠦ᠂ ᠠᠰᠠᠭᠤᠳᠠᠯ ᠢ ᠰᠢᠢᠳᠪᠦᠷᠢᠯᠡᠵᠦ᠂ ᠲᠦᠷᠦ ᠶᠢᠨ ᠪᠣᠳᠣᠯᠭ᠎ᠠ ᠪᠠᠷ ᠬᠦᠴᠢᠷᠳᠡᠯᠲᠡᠢ ᠤᠯᠠᠨ ᠲᠦᠮᠡᠨ ᠳᠤ ᠴᠠᠭ ᠲᠤᠬᠠᠢ ᠳᠤᠨᠢ ᠠᠰᠢᠭ ᠬᠦᠷᠲᠡᠭᠡᠬᠦ ᠶᠢ ᠪᠠᠳᠤᠯᠠᠨ᠂ ᠶᠦᠩ ᠹᠧᠩ ᠪᠠᠯᠭᠠᠰᠤᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠡ ᠦᠬᠡᠢ ᠠᠬᠢᠭᠤᠯᠬᠤ ᠭᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号