ᠬᠦᠨᠪᠤᠯᠠᠭ ᠰᠤᠮᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠪᠠᠶᠢᠷᠢᠯᠠᠭᠤᠯᠤᠯᠳᠠ ᠬᠢᠭᠰᠡᠨ
ᠨᠡᠶᠢᠲᠡᠯᠡᠭᠰᠡᠨ ᠴᠠᠭ᠄
2024/3/18
  ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠰᠠᠶᠢᠨ ᠬᠢᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠬᠦᠯᠬᠦ ᠶᠢᠨ ᠲᠦᠯᠦᠭᠡ᠂ 3 ᠰᠠᠷ᠎ᠠ ᠶᠢᠨ 15 ᠤ ᠡᠳᠦᠷ ᠬᠦᠨᠪᠤᠯᠠᠭ ᠰᠤᠮᠤ ᠨᠢ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠠᠬᠢᠭᠤᠯᠬᠤ ᠬᠤᠷᠠᠯ ᠬᠢᠵᠦ᠂ ︽ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ  ᠠᠵᠢᠯ ᠤᠨ ᠵᠢᠯᠤᠭᠤᠳᠬᠤ ᠭᠠᠵᠠᠷ ᠤᠨ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠨᠡᠶᠢᠲᠡᠯᠡᠬᠦ ᠲᠤᠬᠠᠢ ᠮᠡᠳᠡᠭᠳᠡᠯ︾ ︽2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠤᠨ ᠲᠤᠬᠠᠢ ᠵᠠᠷᠯᠠᠯ︾ ᠢ ᠤᠯᠠᠮᠵᠢᠯᠠᠭᠰᠠᠨ ᠪᠥᠭᠡᠳ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠲᠤᠰ ᠰᠤᠮᠤᠨ ᠤ ᠪᠠᠨ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ᠂  ᠪᠥᠬᠦ ᠰᠤᠮᠤ ᠪᠠᠷ ᠢᠶᠠᠨ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂  ᠲᠠᠶᠢᠪᠤᠰᠢᠷᠠᠨ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠡᠯ᠎ᠡ ᠵᠦᠢᠯ ᠤᠨ  ᠠᠷᠭ᠎ᠠ ᠬᠡᠮᠵᠢᠶ᠎ᠡ ᠶᠢ  ᠴᠢᠩᠭ᠎ᠠ ᠨᠠᠶᠢᠳᠠᠪᠤᠷᠢᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠯ᠎ᠡ ᠭᠠᠴᠠᠭᠠᠨ ᠤ ᠬᠢᠨ ᠠᠵᠢᠯ ᠤᠨ ᠭᠤᠣᠯᠳᠠᠯᠭ᠎ᠠ ᠶᠢ ᠰᠠᠶᠢᠳᠤᠷ ᠠᠩᠬᠠᠷᠤᠨ᠂  ᠭᠤᠣᠯᠳᠠᠯᠭ᠎ᠠ ᠲᠠᠢ  ᠭᠠᠵᠠᠷ ᠣᠷᠣᠨ ᠪᠦᠰᠡ᠂ ᠭᠤᠣᠯᠳᠠᠯᠭ᠎ᠠ ᠲᠠᠢ ᠴᠠᠭ ᠦᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂  ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂  ᠴᠠᠭᠳᠠᠨ ᠪᠠᠶᠢᠴᠠᠭᠠᠬᠤ ᠡᠭᠦᠷᠭᠡ ᠶᠢ ᠨᠢᠮᠪᠠᠢ ᠭᠦᠢᠴᠡᠳᠬᠡᠵᠦ᠂   ᠣᠶ ᠰᠢᠭᠤᠢ ᠨᠤᠳᠤᠭ ᠪᠡᠯᠴᠢᠭᠡᠷ ᠬᠠᠮᠠᠭᠠᠯᠠᠬᠤ ᠠᠵᠢᠯᠳᠠᠳ ᠶᠢ ᠵᠣᠬᠢᠶᠠᠨ ᠪᠠᠶᠢᠭᠤᠯᠵᠤ ᠪᠠᠶᠢᠭᠠᠳ ᠡᠳᠦᠷ ᠲᠤᠲᠤᠮ ᠤᠨ ᠬᠢᠨᠠᠯᠲᠠ ᠬᠠᠮᠢᠶᠠᠷᠤᠯᠳᠠ ᠶᠢᠨ ᠡᠷᠴᠢᠮ ᠢ ᠴᠢᠩᠭᠠᠷᠠᠭᠤᠯᠤᠨ᠂  ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ  ᠠᠵᠢᠯ ᠳᠤ ᠥᠴᠥᠬᠡᠨ ᠴᠦ ᠠᠯᠳᠠᠰᠢ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃  ᠰᠦᠯᠵᠢᠶ᠎ᠡ ᠬᠤᠯᠪᠤᠭ᠎ᠠ ᠳᠤ ᠨᠡᠶᠢᠳᠡᠯᠡᠬᠦ  ᠂ ᠬᠥᠨᠳᠡᠯᠡᠨ ᠪᠢᠴᠢᠭᠡᠰᠦ ᠡᠯᠭᠦᠬᠦ᠂ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠵᠡᠷᠭᠡ  ᠤᠯᠠᠨ ᠶᠠᠩᠵᠤ ᠶᠢᠨ ᠠᠷᠭ᠎ᠠ  ᠬᠡᠯᠪᠡᠷᠢ ᠪᠠᠷ ᠤᠬᠠᠭᠤᠯᠭ᠎ᠠ ᠶᠢᠨ ᠠᠵᠢᠯ ᠢ ᠭᠦᠨᠵᠡᠭᠡᠢ ᠮᠦᠷᠳᠡᠭᠡᠨ ᠪᠤᠳᠠᠳᠠᠢ ᠬᠢᠵᠦ᠂  ︽ᠭᠠᠯ ᠲᠦᠢᠮᠡᠷ ᠢ ᠰᠡᠷᠭᠡᠶᠢᠯᠡᠬᠦ ᠳᠤ ᠬᠥᠮᠥᠨ ᠪᠣᠯᠭᠠᠨ ᠬᠠᠷᠢᠭᠤᠴᠠᠯᠭ᠎ᠠ ᠲᠠᠢ︾  ᠬᠡᠮᠡᠬᠦ ᠦᠵᠡᠯᠲᠡ ᠲᠠᠨᠢᠯᠳᠠ ᠶᠢ ᠣᠯᠠᠨ ᠲᠦᠮᠡᠨ ᠤ ᠳᠤᠮᠳᠠ  ᠦᠨᠳᠦᠰᠦᠯᠡᠬᠦᠯᠦᠨ᠂  ᠭᠠᠯ ᠰᠡᠷᠭᠡᠶᠢᠯᠡᠬᠦ ᠠᠭᠤᠷ ᠠᠮᠢᠰᠬᠤᠯ ᠢ ᠤᠯᠠᠮ ᠦᠳᠭᠡᠷᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号