ᠲᠠᠶᠢᠹᠤᠰᠧ ᠬᠤᠰᠢᠭᠤ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠳᠦᠷᠢᠮ ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/3/19
   ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠴᠠᠭᠠᠵᠠ ᠲᠦᠷᠢᠮ ᠲᠣᠭᠲᠠᠭᠠᠯ ᠢ ᠭᠦᠨᠵᠡᠭᠡᠢ ᠤᠬᠠᠭᠤᠯᠤᠨ ᠲᠦᠭᠡᠮᠡᠯᠵᠢᠭᠦᠯᠵᠦ᠂  ᠡᠵᠡᠩᠨᠡᠭᠴᠢᠳ ᠪᠠ ᠭᠡᠷᠡᠭᠯᠡᠭᠴᠢᠳ ᠤᠨ ᠬᠠᠤᠯᠢ ᠳᠦᠷᠢᠮ ᠤᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 18᠎ ᠤ ᠡᠳᠦᠷ ᠲᠠᠶᠢᠹᠤᠰᠧ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠬᠢᠨ  ︽3.18᠎ ᠤ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠳᠦᠷᠢᠮ ᠤᠨ ᠤᠬᠠᠭᠤᠯᠭ᠎ᠠ ᠶᠢᠨ ᠡᠳᠦᠷ︾᠎ ᠤᠨ ᠠᠵᠢᠯᠯᠠᠭ᠎ᠠ ᠥᠷᠨᠢᠭᠦᠯᠪᠡ ᠃ ᠠᠬᠤᠢ ᠲᠠᠯᠠᠪᠠᠶ ᠳᠤ᠂ ᠬᠠᠤᠯᠢ ᠬᠡᠷᠡᠭᠵᠢᠭᠦᠯᠬᠦ ᠠᠵᠢᠯᠲᠠᠨ ᠠᠴᠠ ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ᠂  ᠠᠶᠤᠯᠬᠦᠢ ᠦᠢᠯᠡᠳᠪᠦᠷᠢᠯᠡᠯ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂  ᠵᠢᠭᠤᠯᠴᠢᠯᠠᠯ ᠤᠨ ᠡᠵᠡᠩᠨᠡᠯᠳᠡ ᠶᠢ ᠲᠦᠷᠢᠮᠵᠢᠬᠦᠯᠬᠦ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ  ᠵᠡᠷᠭᠡ ᠶᠡᠷᠦ ᠶᠢᠨ ᠮᠡᠳᠡᠯᠭᠡ ᠶᠢᠨ ᠬᠠᠮᠢᠶᠠᠳᠠᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ ᠰᠣᠶᠣᠯ ᠤᠨ ᠵᠠᠬ᠎ᠠ ᠳᠡᠯᠭᠡᠭᠦᠷ ᠤᠨ ᠬᠤᠯᠪᠣᠭᠳᠠᠯ ᠪᠦᠬᠦᠢ ᠬᠠᠤᠯᠢ ᠲᠦᠷᠢᠮ ᠢ ᠲᠠᠶᠢᠯᠪᠤᠷᠢᠯᠠᠵᠤ᠂  ᠨᠡᠶᠢᠬᠡᠮ ᠲᠠᠶᠠᠭᠠᠷ ᠢᠶᠠᠨ ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ ᠬᠠᠤᠯᠢ ᠬᠡᠷᠡᠭᠵᠢᠭᠦᠯᠬᠦ ᠠᠵᠢᠯᠳᠠᠳ ᠪᠠᠰᠠ    ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠡᠵᠡᠩᠨᠡᠭᠴᠢᠳ ᠤᠨ ᠬᠠᠤᠯᠢ ᠲᠦᠷᠢᠮ ᠢᠶᠠᠷ ᠪᠡᠶ᠎ᠡ ᠪᠠᠨ ᠱᠠᠭᠠᠷᠳᠠᠵᠤ ᠬᠠᠤᠯᠢ ᠶᠤᠰᠤᠭᠠᠷ ᠡᠵᠡᠩᠨᠡᠯᠳᠡ ᠬᠢᠬᠦ ᠤᠬᠠᠮᠰᠠᠷ ᠢ ᠲᠡᠭᠡᠭᠰᠢᠯᠡᠬᠦᠯᠦᠨ᠂ ᠡᠵᠡᠩᠨᠡᠯᠲᠡ ᠶᠢᠨ ᠠᠵᠢᠯᠯᠠᠭ᠎ᠠ ᠶᠢ ᠲᠦᠷᠢᠮᠵᠢᠬᠦᠯᠵᠦ᠂ ᠰᠠᠶᠢᠨ ᠰᠠᠶᠢᠬᠠᠨ ᠰᠣᠶᠣᠯ ᠤᠨ ᠠᠭᠤᠷ ᠠᠮᠢᠰᠬᠤᠯ ᠢ ᠪᠣᠶ ᠪᠤᠯᠭᠠᠵᠠᠢ᠃  ᠡᠨᠡ ᠤᠳᠠᠭᠠᠨ ᠤ ᠠᠵᠢᠯᠯᠠᠭ᠎ᠠ ᠳᠤ 500 ᠭᠠᠷᠤᠢ ᠬᠤᠪᠢ ︵ᠳᠡᠪᠲᠡᠷ︶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂  30 ᠭᠠᠷᠤᠢ ᠬᠥᠮᠥᠨ  ᠎ ᠤ ᠠᠰᠠᠭᠤᠵᠤ ᠯᠠᠪᠯᠠᠭᠰᠠᠨ ᠵᠦᠢᠯ ᠳᠤ ᠬᠠᠷᠢᠭᠤᠯᠳᠠ ᠦᠭᠬᠦᠪᠡ᠃ ᠠᠵᠢᠯᠯᠠᠭ᠎ᠠ ᠶᠢ ᠥᠷᠨᠢᠭᠦᠯᠦᠭᠰᠡᠨ ᠨᠢ ᠰᠣᠶᠣᠯ ᠤᠨ ᠡᠵᠡᠩᠨᠡᠯᠲᠡ ᠶᠢᠨ ᠨᠢᠬᠡᠴᠡ ᠪᠠ ᠤᠯᠠᠨ ᠲᠦᠮᠡᠨ ᠳᠤ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠲᠦᠷᠢᠮ ᠤᠨ ᠬᠠᠮᠢᠶᠠᠳᠠᠢ ᠮᠡᠳᠡᠯᠭᠡ ᠶᠢ ᠤᠯᠠᠮ ᠰᠠᠶᠢᠨ ᠣᠶᠢᠯᠠᠭᠠᠭᠤᠯᠵᠤ᠂ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠳᠤ ᠬᠠᠮᠲᠤ ᠪᠠᠷ ᠣᠷᠣᠯᠴᠠᠬᠤ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠠ ᠬᠠᠤᠯᠢ ᠳᠦᠷᠢᠮ ᠤᠨ ᠣᠷᠴᠢᠨ ᠲᠤᠭᠤᠷᠢᠨ ᠎ ᠢ ᠪᠤᠢ ᠪᠤᠯᠭᠠᠭᠠᠳ᠂ ᠰᠣᠶᠣᠯ ᠤᠨ ᠵᠠᠬ᠎ᠠ ᠳᠡᠯᠭᠡᠭᠦᠷ ᠤᠨ ᠲᠦᠷᠢᠮᠵᠢᠬᠦᠨ ᠲᠣᠭᠲᠠᠭᠤᠨ ᠢᠶᠠᠷ ᠴᠡᠴᠡᠭᠯᠡᠨ ᠬᠥᠭᠵᠢᠬᠦ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号