ᠬᠤᠳᠠ ᠶᠢᠨ ᠲᠤᠭᠤᠷᠢᠭ ᠲᠤ ᠲᠡᠷᠭᠡ ᠬᠥᠰᠬᠡ ᠳᠤᠷ᠎ᠠ ᠪᠠᠷ ᠢᠶᠠᠨ ᠵᠤᠭᠰᠤᠭᠠᠬᠤ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/19
ᠬᠤᠲᠠ ᠪᠠᠯᠭᠠᠰᠤᠨ ᠤ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ  ᠪᠠᠷ ᠲᠡᠭᠡᠭᠰᠢᠯᠡᠬᠦᠯᠵᠦ᠂ ᠬᠤᠲᠠ ᠶᠢᠨ ᠲᠣᠭᠤᠷᠢᠭ ᠤᠨ ᠲᠡᠷᠭᠡ ᠵᠣᠭᠰᠣᠬᠤ ᠶᠢ ᠲᠦᠷᠢᠮᠵᠢᠬᠦᠯᠦᠨ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠲᠦᠯᠦᠭᠡ᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢᠨ ᠬᠡᠷᠡᠭᠵᠢᠭᠦᠯᠬᠦ ᠳᠦᠷᠢᠮ﹀ ᠢ ᠬᠡᠷᠡᠭᠵᠢᠭᠦᠯᠬᠦ ᠠᠷᠭ᠎ᠠ ︾ ᠶᠢ ᠦᠨᠳᠦᠰᠦᠯᠡᠨ᠂  ᠬᠠᠷᠢᠶ᠎ᠠ ᠤᠷᠤᠨ ᠤ ᠪᠠᠨ ᠪᠣᠳᠠᠲᠠᠢ ᠲᠠᠢ ᠤᠶᠠᠯᠳᠤᠭᠤᠯᠵᠤ ᠪᠠᠶᠢᠭᠠᠳ  ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠬᠤᠲᠠ ᠶᠢᠨ ᠲᠣᠭᠤᠷᠢᠭ ᠲᠠᠬᠢ ᠬᠠᠤᠯᠢ ᠲᠦᠷᠢᠮ ᠵᠥᠷᠢᠴᠡᠨ ᠲᠡᠷᠭᠡ ᠬᠦᠰᠭᠡ ᠵᠣᠭᠰᠤᠭᠠᠬᠤ ᠦᠵᠡᠭᠳᠡᠯ ᠢ ᠴᠡᠭᠴᠡᠯᠡᠨ ᠵᠠᠰᠠᠬᠤ ᠪᠠᠷ ᠲᠤᠭᠳᠠᠵᠠᠢ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ  ᠵᠠᠷᠯᠠᠨ ᠮᠡᠳᠡᠭᠳᠡᠰᠦᠭᠡᠢ᠄   ᠨᠢᠭᠡ᠂ ᠪᠤᠤᠴᠠᠩ ᠪᠠᠯᠭᠠᠰᠤᠨ ᠤ ᠬᠤᠲᠠ ᠶᠢᠨ ᠲᠣᠭᠤᠷᠢᠭ ᠲᠠᠬᠢ ᠲᠡᠷᠭᠡᠨ ᠤ ᠵᠠᠮ᠂ ᠶᠠᠪᠠᠭᠠᠨ ᠤ ᠵᠠᠮ ᠪᠠ  ᠵᠠᠮ ᠤᠨ ᠬᠤᠶᠠᠷ ᠬᠠᠵᠠᠭᠤ ᠳᠤ ᠲᠡᠷᠭᠡ ᠬᠥᠰᠬᠡ ᠳᠤᠷ᠎ᠠ ᠪᠠᠷ ᠢᠶᠠᠨ ᠵᠤᠭᠰᠤᠭᠠᠬᠤ ᠶᠢ ᠡᠷᠡᠰ ᠴᠠᠭᠠᠵᠠᠯᠠᠨ᠎ᠠ᠃   ᠬᠤᠶᠠᠷ᠂ ᠬᠤᠲᠠ ᠶᠢᠨ ᠲᠣᠭᠤᠷᠢᠭ ᠲᠠᠬᠢ ᠭᠤᠣᠯ ᠵᠠᠮ ᠤᠨ ᠬᠤᠶᠠᠷ ᠬᠠᠵᠠᠭᠤ ᠳᠤ ᠲᠡᠷᠭᠡ ᠬᠥᠰᠬᠡ ᠵᠣᠭᠰᠤᠭᠠᠬᠤ  ᠳᠠᠭᠠᠨ ᠡᠷᠬᠡᠪᠰᠢ ᠵᠠᠭᠠᠭᠯᠠᠵᠤ ᠵᠢᠷᠤᠭᠰᠠᠨ ᠲᠡᠷᠭᠡ ᠵᠣᠭᠰᠤᠭᠠᠬᠤ ᠭᠠᠵᠠᠷ ᠤᠨ ᠳᠣᠲᠣᠷ᠎ᠠ  ᠡᠮᠬᠢ ᠵᠢᠷᠤᠮ ᠲᠠᠢ᠂  ᠡᠷᠡᠮᠪᠡ ᠳᠠᠷᠠᠭᠠᠯᠠᠯ ᠲᠠᠢ᠂  ᠵᠦᠪ  ᠴᠢᠭᠯᠡᠯ ᠢᠶᠠᠷ ᠵᠣᠭᠰᠤᠭᠠᠬᠤ ᠬᠡᠷᠡᠭᠲᠡᠢ᠂ ᠡᠰᠡᠷᠭᠦ ᠴᠢᠭᠯᠡᠯ ᠢᠶᠠᠷ ᠵᠣᠭᠰᠤᠭᠠᠬᠤ ᠶᠢ ᠡᠷᠡᠰ ᠴᠠᠭᠠᠵᠠᠯᠠᠨ᠎ᠠ᠃   ᠭᠤᠷᠪᠠ᠂ ᠬᠠᠤᠯᠢ ᠲᠦᠷᠢᠮ ᠠᠴᠠ ᠵᠦᠷᠢᠴᠡᠵᠦ ᠲᠡᠷᠭᠡ ᠬᠥᠰᠬᠡ ᠵᠣᠭᠰᠣᠭᠠᠭᠰᠠᠨ ᠦᠶᠡᠰ᠂ ᠵᠢᠯᠣᠭᠤᠴᠢ ᠨᠢ ᠠᠬᠤᠢ ᠲᠠᠯᠠᠪᠠᠢ ᠳᠤ ᠪᠠᠶᠢᠪᠠᠯ ᠬᠡᠯᠡᠵᠦ ᠰᠤᠷᠭᠠᠬᠤ ᠶᠢᠨ ᠬᠠᠮᠳᠤ ᠲᠡᠷᠭᠡ ᠬᠦᠰᠭᠡ ᠶᠢ  ᠲᠡᠷᠡ ᠳᠠᠷᠤᠢ ᠳᠤᠨᠢ ᠱᠠᠭᠠᠷᠳᠠᠵᠤ ᠵᠠᠶᠢᠯᠠᠭᠤᠯᠤᠨ᠎ᠠ᠃  ᠵᠢᠯᠣᠭᠤᠴᠢ ᠨᠢ ᠠᠬᠤᠢ ᠲᠠᠯᠠᠪᠠᠢ ᠳᠤ ᠪᠠᠶᠢᠬᠤ ᠦᠭᠡᠢ ᠪᠤᠶᠤ  ᠪᠠᠶᠢᠯ᠎ᠠ ᠭᠡᠰᠡᠨ ᠴᠤ ᠲᠡᠷᠭᠡ ᠬᠦᠰᠭᠡ ᠪᠠᠨ ᠵᠠᠶᠢᠯᠠᠭᠤᠯᠬᠤ ᠶᠢ ᠡᠰᠡᠷᠬᠦᠴᠡᠪᠡᠯ ᠬᠠᠤᠯᠢ ᠶᠣᠰᠣᠭᠠᠷ ᠰᠢᠳᠬᠡᠨ᠎ᠡ᠃  ᠲᠦᠷᠢᠮ ᠵᠦᠷᠢᠴᠡᠵᠦ ᠲᠡᠷᠭᠡ ᠵᠣᠭᠰᠣᠭᠠᠭᠠᠳ ᠪᠤᠰᠤᠳ ᠲᠡᠷᠭᠡ ᠤᠨᠤᠭ᠎ᠠ ᠪᠤᠶᠤ ᠶᠠᠪᠠᠭᠠᠨ ᠬᠥᠮᠥᠨ ᠢ ᠬᠠᠷᠰᠢᠯᠠᠭᠰᠠᠨ ᠪᠤᠯ ᠲᠡᠷᠭᠡ ᠬᠦᠰᠭᠡ ᠶᠢ ᠬᠠᠤᠯᠢ ᠶᠣᠰᠣᠭᠠᠷ  ᠠᠯᠪᠠᠳᠠᠵᠤ ᠰᠢᠯᠵᠢᠭᠦᠯᠦᠨ᠎ᠡ᠃   ᠳᠥᠷᠪᠡ᠂ ᠳᠤᠰ ᠵᠠᠷᠯᠠᠯ ᠤᠨ ᠱᠠᠭᠠᠷᠳᠠᠯᠭ᠎ᠠ ᠠᠴᠠ ᠵᠥᠷᠢᠴᠡᠭᠰᠡᠨ ᠪᠤᠯ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠬᠠᠤᠯᠢ ᠶᠣᠰᠣᠭᠠᠷ ᠰᠢᠳᠬᠡᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠤ ᠠᠯᠪᠠᠨ ᠠᠵᠢᠯ ᠭᠦᠢᠴᠡᠳᠬᠡᠬᠦ ᠳᠤ ᠬᠠᠮᠵᠢᠯᠴᠠᠬᠤ ᠦᠬᠡᠢ ᠮᠦᠷᠳᠡᠭᠡᠨ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ  ᠰᠢᠳᠭᠡᠯ ᠤᠨ ᠬᠠᠤᠯᠢ︾  ᠶᠣᠰᠣᠭᠠᠷ ᠰᠢᠳᠬᠡᠨ᠎ᠡ  ᠃   ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ᠪᠦᠬᠦ ᠬᠤᠰᠢᠭᠤᠨ ᠤ ᠤᠯᠠᠨ ᠲᠦᠮᠡᠨ ᠵᠠᠮ ᠬᠠᠷᠢᠯᠴᠠᠭᠠᠨ ᠤ ᠬᠠᠤᠯᠢ ᠲᠦᠷᠢᠮ ᠢ ᠤᠬᠠᠮᠰᠠᠷ   ᠠᠴᠠ ᠪᠠᠨ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠬᠠᠤᠯᠢ  ᠲᠦᠷᠢᠮ ᠠᠴᠠ ᠵᠥᠷᠢᠴᠡᠭᠰᠡᠨ ᠡᠯ᠎ᠡ ᠲᠦᠷᠦᠯ ᠤᠨ ᠦᠶᠯᠡ ᠠᠵᠢᠯᠯᠠᠭ᠎ᠠ ᠶᠢ ᠡᠷᠡᠰ ᠬᠤᠷᠢᠭᠯᠠᠨ᠂  ᠶᠠᠪᠤᠵᠤ ᠰᠠᠭᠤᠬᠤ ᠪᠠᠨ ᠪᠤᠯᠪᠠᠰᠤᠨ ᠪᠠᠶᠢᠯᠭᠠᠵᠤ᠂  ᠲᠡᠷᠭᠡ ᠤᠨᠤᠭ᠎ᠠ ᠪᠠᠨ ᠲᠦᠷᠢᠮᠵᠢᠯ ᠲᠠᠢ ᠵᠤᠭᠰᠤᠭᠠᠨ᠂ ᠠᠮᠤᠷ ᠲᠦᠪᠰᠢᠨ ᠰᠠᠶᠢᠨ ᠰᠠᠶᠢᠬᠠᠨ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠲᠤᠪᠠᠷ ᠬᠠᠮᠠᠭᠠᠯᠠᠬᠤ ᠶᠢ ᠬᠦᠰᠡᠵᠦ ᠪᠠᠶᠢᠨᠠᠮ᠃   ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ                          ᠵᠠᠮ    ᠬᠠᠷᠢᠯᠴᠠᠭᠠᠨ   ᠤ   ᠬᠠᠮᠢᠶᠠᠷᠤᠯᠲᠠ   ᠶᠢᠨ   ᠶᠡᠭᠡ   ᠠᠩᠭᠢ                                       2024 ᠣᠨ ᠤ 3 ᠰᠠᠷ᠎ᠠ ᠶᠢᠨ 18 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号