ᠦᠨᠡᠨᠴᠢ  ᠢᠳᠡᠭᠡᠮᠵᠢ  ᠶᠢᠨ  ᠪᠠᠶᠢᠭᠤᠯᠤᠯᠲᠠ  ᠶᠢᠨ  ᠰᠠᠨᠠᠭᠠᠴᠢᠯᠠᠭ᠎ᠠ  ᠶᠢᠨ  ᠪᠢᠴᠢᠭ
ᠨᠡᠶᠢᠲᠡᠯᠡᠭᠰᠡᠨ ᠴᠠᠭ᠄
2024/3/19
ᠪᠥᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠪᠠ ᠰᠠᠭᠤᠭᠠᠯᠢ ᠠᠷᠠᠳ ᠲᠤ᠄    ᠦᠨᠡᠨᠴᠢ ᠢᠲᠡᠭᠡᠮᠵᠢᠲᠡᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ᠂ ᠨᠡᠶᠢᠭᠡᠮ ᠤᠨ ᠡᠶ᠎ᠡ ᠵᠣᠬᠢᠴᠠᠯ ᠤᠨ ᠶᠣᠰᠣ ᠮᠣᠷᠠᠯ ᠤᠨ ᠰᠠᠭᠤᠷᠢ ᠮᠥᠨ᠃ ᠬᠥᠮᠥᠨ ᠢᠲᠡᠭᠡᠯ ᠦᠭᠡᠢ ᠪᠣᠯ  ᠠᠮᠢᠳᠤᠷᠠᠬᠤ ᠴᠢᠳᠠᠬᠤ ᠦᠬᠡᠢ  ᠂ ᠦᠢᠯᠡᠰ ᠢᠲᠡᠭᠡᠯ ᠦᠭᠡᠢ ᠪᠣᠯ ᠬᠥᠭᠵᠢᠵᠦ ᠴᠢᠳᠠᠬᠤ ᠦᠭᠡᠢ᠂ ᠤᠯᠤᠰ ᠢᠲᠡᠭᠡᠯ ᠦᠭᠡᠢ ᠪᠣᠯ ᠬᠦᠴᠦᠷᠬᠡᠭᠵᠢᠵᠦ ᠴᠢᠳᠠᠬᠤ ᠦᠭᠡᠢ᠃ ᠡᠳᠦᠭᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ  ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠬᠤ ᠶᠢᠨ ᠲᠤᠰᠠᠳᠠ ᠲᠤᠰ ᠰᠠᠨᠠᠭᠠᠴᠢᠯᠠᠭ᠎ᠠ ᠶᠢ ᠭᠠᠷᠭᠠᠯ᠎ᠠ᠄    ᠨᠢᠭᠡ᠂ ᠦᠨᠡᠨᠴᠢ ᠢᠳᠡᠭᠡᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠦᠨᠡᠨᠴᠢ ᠢᠳᠡᠭᠡᠮᠵᠢ ᠶᠢᠨ ︽ᠪᠠᠶᠢᠭᠤᠯᠤᠭᠴᠢ︾  ᠪᠤᠯᠵᠠᠭᠠᠶ᠎ᠠ᠃ ᠦᠨᠡᠨᠴᠢ ᠢᠲᠡᠭᠡᠮᠵᠢ ᠪᠠᠷ ᠪᠠᠷᠢᠮᠵᠢᠶ᠎ᠠ ᠪᠤᠯᠭᠠᠨ᠂ ᠦᠨᠡᠨᠴᠢ ᠢᠲᠡᠭᠡᠮᠵᠢ ᠲᠠᠢ ᠦᠭᠡ ᠬᠡᠯᠡᠵᠦ  ᠦᠨᠡᠨᠴᠢ ᠢᠲᠡᠭᠡᠮᠵᠢ ᠲᠠᠢ ᠶᠠᠪᠤᠳᠠᠯ ᠬᠢᠵᠦ᠂ ᠦᠨᠡᠨᠴᠢ ᠢᠲᠡᠭᠡᠮᠵᠢ ᠲᠠᠢ ᠬᠥᠮᠥᠨ ᠪᠤᠯᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠦᠪᠡᠷ ᠤᠨ ᠪᠡᠶ᠎ᠡ ᠳᠡᠭᠡᠨ ᠢᠮᠠᠭᠲᠠ ᠰᠠᠨᠠᠭᠤᠯᠤᠨ᠂  ᠢᠲᠡᠭᠡᠯ ᠬᠦᠨᠳᠦ ᠪᠠᠨ ᠬᠠᠮᠠᠭᠠᠯᠠᠵᠤ᠂  ᠠᠮᠠᠯᠠᠯᠲᠠ  ᠲᠠᠩᠭᠠᠷᠢᠭ ᠢᠶᠠᠨ ᠵᠢᠷᠤᠮᠯᠠᠨ᠂  ᠦᠷᠦᠭᠡᠯ ᠪᠤᠰᠤᠳ ᠢ ᠮᠡᠬᠡᠯᠡᠬᠦ ᠦᠭᠡᠢ᠂ ᠬᠤᠳᠠᠯ ᠬᠠᠭᠤᠷᠮᠠᠭ ᠢ ᠦᠢᠯᠡᠳᠬᠦ ᠦᠭᠡᠢ ᠪᠠᠶᠢᠵᠤ᠂  ᠬᠤᠪᠢ ᠬᠥᠮᠥᠨ ᠤ ᠦᠨᠡᠨᠴᠢ ᠢᠲᠡᠭᠡᠮᠵᠢ ᠪᠠᠷ ᠢᠶᠠᠨ ᠳᠡᠷᠭᠡᠳᠡᠬᠢ ᠬᠦᠮᠦᠰ ᠢᠶᠠᠨ ᠲᠠᠶᠢᠴᠢᠯᠠᠨ ᠨᠥᠯᠥᠭᠡᠯᠡᠵᠦ᠂ ᠬᠥᠮᠥᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠨ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠶ᠎ᠠ  ᠃    ᠬᠤᠶᠠᠷ᠂ ᠦᠨᠡᠨᠴᠢ ᠢᠳᠡᠭᠡᠮᠵᠢ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠦᠨᠡᠨᠴᠢ  ᠢᠳᠡᠭᠡᠮᠵᠢ ᠶᠢᠨ ︽ᠰᠠᠨᠠᠭᠠᠴᠢᠯᠠᠭᠴᠢ︾  ᠪᠤᠯᠵᠠᠭᠠᠶ᠎ᠠ᠃ ᠪᠣᠯᠪᠠᠰᠤᠨ ᠶᠤᠰᠤᠷᠬᠠᠭ ᠠᠷᠠᠳ ᠢᠷᠭᠡᠨ᠂ ᠦᠨᠡᠨᠴᠢ ᠢᠲᠡᠭᠡᠮᠵᠢᠲᠡᠢ ᠠᠷᠠᠳ ᠢᠷᠭᠡᠨ ᠪᠣᠯᠬᠤ ᠪᠠᠷ ᠴᠢᠷᠮᠠᠶᠢᠨ᠂  ᠪᠠᠭ᠎ᠠ ᠶᠠᠪᠤᠳᠠᠯ ᠠᠴᠠ ᠡᠬᠢᠯᠡᠨ ᠬᠢᠵᠦ᠂ ᠦᠨᠡᠨᠴᠢ ᠢᠲᠡᠭᠡᠮᠵᠢᠲᠡᠢ ᠪᠠᠶᠢᠬᠤ ᠨᠡᠶᠢᠭᠡᠮ ᠤᠨ ᠬᠡᠪ ᠰᠤᠷᠲᠠᠯ ᠢ ᠢᠳᠡᠪᠬᠢᠲᠡᠢ ᠰᠠᠨᠠᠭᠠᠴᠢᠯᠠᠨ᠂ ᠦᠨᠡᠨᠴᠢ ᠢᠲᠡᠭᠡᠮᠵᠢᠲᠡᠢ ᠪᠠᠶᠢᠬᠤ ᠦᠢᠯᠡ ᠠᠵᠢᠯᠯᠠᠭᠠᠨ ᠤ ᠲᠦᠷᠢᠮᠵᠢᠯ ᠢ ᠬᠢᠴᠢᠶᠡᠩᠭᠦᠶᠢᠯᠡᠨ ᠰᠠᠬᠢᠵᠤ᠂ ᠡᠯ᠎ᠡ ᠵᠦᠢᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠡᠯ᠎ᠡ ᠵᠦᠢᠯ ᠤᠨ ᠢᠲᠡᠭᠡᠯ ᠠᠯᠳᠠᠭᠰᠠᠨ ᠦᠵᠡᠭᠳᠡᠯ ᠢ ᠰᠠᠨᠠᠭᠠᠴᠢᠯᠠᠭ᠎ᠠ ᠠᠴᠠ ᠪᠠᠨ ᠢᠯᠡᠴᠢᠯᠡᠨ ᠮᠡᠳᠡᠭᠦᠯᠵᠦ᠂ ᠡᠯ᠎ᠡ ᠵᠦᠢᠯ ᠤᠨ ᠦᠨᠡᠨᠴᠢ ᠢᠳᠡᠭᠡᠮᠵᠢ ᠶᠢ ᠠᠬᠢᠭᠤᠯᠬᠤ ᠦᠢᠯᠡᠳᠦᠯᠭᠡ ᠠᠵᠢᠯᠯᠠᠭ᠎ᠠ ᠳᠤ ᠢᠳᠡᠪᠬᠢᠲᠡᠢ ᠪᠠᠷ ᠣᠷᠣᠯᠴᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠤᠶ᠎ᠠ᠃      ᠭᠤᠷᠪᠠ᠂ ᠦᠨᠡᠨᠴᠢ ᠢᠳᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠡᠨᠴᠢ ᠢᠳᠡᠭᠡᠮᠵᠢ ᠶᠢᠨ ︽ᠤᠯᠠᠮᠵᠢᠯᠠᠭᠴᠢ︾ ᠪᠤᠯᠵᠠᠭᠠᠶ᠎ᠠ᠃ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ᠂ ᠦᠨᠡᠨᠴᠢ ᠢᠲᠡᠭᠡᠮᠵᠢ ᠶᠢᠨ ᠰᠣᠶᠣᠯ ᠢ  ᠤᠯᠠᠮᠵᠢᠯᠠᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠲᠡᠯᠬᠡᠷᠡᠬᠦᠯᠵᠦ᠂  ᠡᠷᠴᠢ ᠬᠦᠴᠦᠲᠡᠢ ᠠᠵᠢᠯᠯᠠᠭ᠎ᠠ ᠪᠠᠷ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ᠂ ᠦᠨᠡᠨᠴᠢ ᠢᠲᠡᠭᠡᠮᠵᠢ ᠶᠢᠨ ᠦᠯᠢᠭᠡᠷ ᠢ ᠤᠬᠠᠭᠤᠯᠤᠨ ᠲᠠᠶᠢᠯᠪᠤᠷᠢᠯᠠᠵᠤ᠂ ᠦᠨᠡᠨᠴᠢ ᠢᠲᠡᠭᠡᠮᠵᠢ ᠶᠢᠨ ᠬᠥᠮᠦᠵᠢᠯ ᠢ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠭᠡᠷ ᠪᠦᠯᠢ ᠳᠤ ᠬᠦᠷᠭᠡᠵᠦ᠂ ︽ᠬᠥᠮᠥᠨ ᠪᠦᠬᠦᠨ ᠦᠨᠡᠨᠴᠢ ᠢᠲᠡᠭᠡᠮᠵᠢ ᠶᠢ ᠠᠩᠬᠠᠷᠴᠤ᠂ ᠨᠡᠶᠢᠭᠡᠮ ᠨᠡᠶᠢᠲᠡ ᠪᠠᠷ ᠢᠶᠠᠨ ᠦᠨᠡᠨᠴᠢ ᠢᠲᠡᠭᠡᠮᠵᠢ ᠶᠢ ᠡᠷᠬᠢᠮᠯᠡᠬᠦ︾ ᠰᠠᠶᠢᠨ ᠰᠠᠶᠢᠬᠠᠨ ᠬᠡᠪ ᠰᠤᠷᠲᠠᠯ ᠤᠨ ᠪᠦᠷᠢᠯᠳᠦᠯ ᠢ ᠬᠠᠮᠲᠤᠪᠠᠷ ᠠᠬᠢᠭᠤᠯᠤᠶ᠎ᠠ᠃      ᠳᠥᠷᠪᠡ᠂ ᠦᠨᠡᠨᠴᠢ ᠢᠲᠡᠭᠡᠮᠵᠢᠲᠡᠢ ᠡᠵᠡᠩᠨᠡᠯᠳᠡ ᠶᠢ ᠪᠠᠷᠢᠮᠲᠠᠯᠠᠵᠤ᠂ ᠦᠨᠡᠨᠴᠢ ᠢᠳᠡᠭᠡᠮᠵᠢ ᠶᠢᠨ ︽ᠦᠢᠯᠡᠳᠦᠯᠭᠡᠵᠢᠭᠦᠯᠦᠭᠴᠢ︾  ᠪᠤᠯᠵᠠᠭᠠᠶ᠎ᠠ᠃ ᠦᠨᠡᠨᠴᠢ ᠢᠲᠡᠭᠡᠮᠵᠢᠲᠡᠢ ᠠᠵᠤ ᠠᠬᠤᠶᠢᠯᠠᠯ᠂ ᠦᠨᠡᠨᠴᠢ ᠢᠲᠡᠭᠡᠮᠵᠢᠲᠡᠢ ᠨᠠᠷᠠᠲᠤ ᠲᠡᠮᠳᠡᠭ   ᠢ ᠡᠭᠦᠳᠦᠨ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠬᠦᠢᠴᠡᠳᠭᠡᠨ᠂ ︽ᠦᠨᠡᠨᠴᠢ ᠢᠲᠡᠭᠡᠮᠵᠢᠲᠡᠢ ᠪᠠᠷ ᠡᠵᠡᠩᠨᠡᠬᠦ︾ ᠠᠮᠠᠯᠠᠯᠲᠠ ᠶᠢ ᠰᠠᠨᠠᠭᠠᠴᠢᠯᠠᠭ᠎ᠠ  ᠠᠴᠠ ᠪᠠᠨ  ᠦᠢᠯᠡᠳᠦᠯᠭᠡᠵᠢᠬᠦᠯᠵᠦ᠂  ᠠᠷᠠᠯᠵᠢᠶ᠎ᠠ ᠬᠤᠳᠠᠯᠳᠤᠭᠠᠨ ᠤ ᠶᠣᠰᠣ ᠮᠣᠷᠠᠯ ᠢ ᠵᠢᠷᠤᠮᠯᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂  ᠡᠵᠡᠩᠨᠡᠯᠳᠡ ᠶᠢᠨ ᠲᠤᠮᠳᠠ ᠦᠨᠡᠨ ᠪᠣᠳᠠᠲᠠᠢ ᠤᠬᠠᠭᠤᠯᠭ᠎ᠠ ᠰᠤᠷᠳᠠᠯᠴᠢᠯᠠᠭ᠎ᠠ ᠶᠢ ᠪᠠᠷᠢᠮᠳᠠᠯᠠᠨ᠂ ᠬᠤᠳᠠᠯ ᠬᠠᠭᠤᠷᠮᠠᠭ  ᠥᠰᠬᠡᠭᠡᠨ ᠳᠥᠰᠬᠡᠭᠡᠨ ᠲᠠᠢ ᠶᠠᠷᠢᠬᠤ ᠶᠢ ᠲᠡᠪᠴᠢᠵᠦ᠂ ᠥᠷᠢᠰᠦᠯᠳᠦᠭᠡᠨ ᠤ ᠲᠤᠮᠳᠠ ᠡᠷᠬᠡ ᠲᠡᠭᠰᠢ ᠲᠥᠪ ᠭᠤᠣᠯᠴᠢ ᠶᠢ ᠪᠠᠷᠢᠮᠳᠠᠯᠠᠨ᠂  ᠵᠦᠢ ᠪᠤᠰᠤ ᠠᠷᠭ᠎ᠠ ᠪᠠᠷᠢᠯ ᠢ ᠲᠡᠪᠴᠢᠵᠦ᠂ ᠦᠢᠯᠡᠴᠢᠯᠡᠭᠡᠨ ᠤ ᠳᠤᠮᠳᠠ ᠦᠨᠡᠨᠴᠢ  ᠢᠳᠡᠭᠡᠮᠵᠢ ᠲᠠᠢ ᠪᠠᠶᠢᠬᠤ   ᠶᠢ ᠪᠠᠷᠢᠮᠳᠠᠯᠠᠨ᠂ ᠠᠮᠠᠯᠳᠠᠭᠰᠠᠨ ᠵᠦᠢᠯ ᠢᠶᠠᠨ ᠡᠷᠭᠡᠪᠰᠢ  ᠬᠦᠢᠴᠡᠳᠭᠡᠶ᠎ᠡ᠃     ᠶᠡᠷᠦ ᠨᠢ ᠢᠲᠡᠭᠡᠮᠵᠢ ᠲᠠᠢ ᠶᠠᠪᠤᠪᠠᠯ ᠨᠢᠬᠡ ᠨᠠᠰᠤ  ᠂ ᠢᠳᠡᠭᠡᠮᠵᠢ ᠦᠬᠡᠢ ᠶᠠᠪᠤᠪᠠᠯ ᠨᠢᠭᠡ ᠴᠠᠭ ᠭᠡᠳᠡᠭ᠃ ᠪᠢᠳᠠ ᠳᠡᠷᠭᠡᠳᠡᠬᠢ ᠶᠠᠪᠤᠳᠠᠯ ᠠᠴᠠ ᠡᠬᠢᠯᠡᠨ ᠬᠢᠵᠦ᠂ ᠲᠤᠬᠠᠶᠢᠯᠠᠭᠰᠠᠨ ᠠᠵᠢᠯ ᠠᠴᠠ ᠪᠠᠨ ᠡᠬᠢᠯᠡᠨ ᠬᠢᠵᠦ᠂ ᠦᠨᠡᠨᠴᠢ ᠢᠲᠡᠭᠡᠮᠵᠢᠲᠡᠢ ᠬᠤᠪᠢ ᠬᠥᠮᠥᠨ ᠪᠣᠯᠬᠤ ᠪᠠᠷ ᠴᠢᠷᠮᠠᠶᠢᠨ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠪᠣᠯᠬᠤ ᠪᠠᠷ ᠴᠢᠷᠮᠠᠶᠢᠵᠤ᠂ ᠦᠨᠡᠨᠴᠢ  ᠢᠳᠡᠭᠡᠮᠵᠢ ᠶᠢᠨ ᠰᠣᠶᠣᠯ ᠢ ᠬᠠᠮᠲᠤᠪᠠᠷ ᠪᠠᠶᠢᠭᠤᠯᠤᠨ᠂ ᠦᠨᠡᠨᠴᠢ ᠢᠳᠡᠭᠡᠮᠵᠢ ᠶᠢᠨ ᠳᠦᠷᠢ ᠲᠥᠷᠬᠦ ᠶᠢ ᠬᠠᠮᠲᠤᠪᠠᠷ ᠱᠤᠭᠤᠵᠤ᠂ ᠦᠨᠡᠨᠴᠢ ᠢᠲᠡᠭᠡᠮᠵᠢᠲᠡᠢ ᠪᠣᠯᠪᠠᠰᠤᠨ ᠶᠤᠰᠤᠷᠬᠠᠭ  ᠲᠠᠶᠢᠹᠤᠰᠧ ᠬᠤᠰᠢᠭᠤ ᠶᠢ ᠬᠠᠮᠲᠤᠪᠠᠷ ᠴᠣᠭᠴᠠᠯᠠᠶ᠎ᠠ︕                                                          ᠲᠠᠶᠢᠹᠤᠰᠧ ᠬᠤᠰᠢᠭᠤᠨ ᠤ  ᠨᠠᠮ ᠤᠨ ᠬᠤᠷᠢᠶᠠᠨ ᠤ ᠬᠤᠷᠢᠶᠠᠨ ᠤ ᠤᠬᠠᠭᠤᠯᠬᠤ ᠬᠡᠯᠲᠡᠰ      ᠲᠠᠶᠢᠹᠤᠰᠧ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ      ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ  ᠲᠦᠪ                      2024 ᠣᠨ ᠤ 3 ᠰᠠᠷ᠎ᠠ ᠶᠢᠨ 18 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号