ᠯᠢ ᠱᠣᠣ ᠯᠢᠨ  ᠦᠨᠳᠦᠰᠦᠨ ᠱᠠᠳᠤᠨ ᠤ ᠠᠷᠠᠳ ᠤᠨ ᠲᠥᠯᠥᠭᠡᠯᠡᠭᠴᠢᠳ ᠶᠡᠭᠡ ᠬᠤᠷᠠᠯ ᠤᠨ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2024/3/20
  3 ᠰᠠᠷ᠎ᠠ ᠶᠢᠨ 19᠎ ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ ᠵᠡᠷᠭᠡ ᠬᠦᠮᠦᠰ ᠯᠦᠸᠧ ᠲᠦᠸᠧ ᠱᠠᠨ ᠪᠠᠯᠭᠠᠰᠤᠨ ᠳᠤ  ᠬᠦᠨᠵᠡᠬᠡᠶᠢᠷᠡᠵᠦ᠂ ︽ᠠᠷᠠᠳ ᠤᠨ ᠲᠥᠯᠥᠭᠡᠯᠡᠭᠴᠢᠳ ᠤᠨ ᠭᠡᠷ︾  ᠪᠠ  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠦᠷᠳᠡᠭᠡᠨ︾᠎ ᠎ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ᠃  ᠪᠠᠯᠭᠠᠰᠤᠨ ᠤ ᠨᠠᠮ ᠤᠨ  ᠬᠤᠷᠢᠶᠠᠨ ᠤ ᠱᠦᠵᠢ ᠪᠠᠭᠠᠲᠤᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠼᠤᠤ ᠰᠢᠶᠣᠣ ᠬᠤᠶ ᠪᠠᠷ᠎ᠠ ᠪᠤᠯᠵᠤ ᠪᠠᠶᠢᠴᠠᠭᠠᠵᠠᠢ᠃ ᠼᠤᠤ ᠰᠢᠶᠣᠣ ᠬᠤᠶ ᠲᠤᠰ ᠪᠠᠯᠭᠠᠰᠤᠨ ᠤ  ︽ᠠᠷᠠᠳ ᠤᠨ ᠲᠥᠯᠥᠭᠡᠯᠡᠭᠴᠢᠳ ᠤᠨ ᠭᠡᠷ︾  ᠪᠠ  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠦᠷᠳᠡᠭᠡᠨ︾᠎ ᠎ ᠤ ᠠᠵᠢᠯ  ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠪᠠᠶᠢᠷᠢᠯᠠᠭᠤᠯᠤᠯᠳᠠ ᠶᠢᠨ ᠲᠤᠬᠠᠢ ᠬᠠᠷᠢᠭᠤ ᠮᠡᠳᠡᠭᠦᠯᠪᠡ᠃  ᠪᠠᠶᠢᠴᠠᠭᠠᠨ ᠵᠢᠯᠤᠭᠤᠳᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠷᠪᠤᠯᠵᠢᠯᠠᠬᠤ   ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠯᠥᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠎ ᠤᠨ ᠪᠠᠶᠢᠳᠠᠯ ᠪᠣᠯᠣᠨ︽ᠠᠷᠠᠳ ᠤᠨ ᠲᠥᠯᠥᠭᠡᠯᠡᠭᠴᠢᠳ ᠤᠨ ᠭᠡᠷ︾  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠦᠷᠳᠡᠭᠡᠨ︾᠎ ᠎ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃  ᠶᠠᠷᠢᠯᠴᠠᠬᠤ ᠬᠤᠷᠠᠯ ᠳᠡᠭᠡᠷ᠎ᠡ᠂  ᠯᠢ ᠱᠣᠸ ᠯᠢᠨ ᠠᠴᠠ ︽ᠠᠷᠠᠳ ᠤᠨ ᠲᠥᠯᠥᠭᠡᠯᠡᠭᠴᠢᠳ ᠤᠨ ᠭᠡᠷ︾  ᠪᠠ  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ  ᠦᠷᠳᠡᠭᠡ︾᠎  ᠪᠣᠯ ᠠᠷᠠᠳ ᠤᠨ ᠲᠥᠯᠥᠭᠡᠯᠡᠭᠴᠢᠳ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠬᠥᠭᠦᠷᠭᠡ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃  ᠨᠢᠬᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠠᠷᠠᠳ ᠤᠨ ᠲᠥᠯᠥᠭᠡᠯᠡᠭᠴᠢᠳ ᠤᠨ ᠭᠡᠷ︾  ᠪᠠ  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ  ᠦᠷᠳᠡᠭᠡ︾᠎ ᠎ ᠶᠢ  ᠰᠠᠶᠢᠳᠤᠷ ᠪᠠᠶᠢᠭᠤᠯᠬᠤ  ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ︽ᠠᠷᠠᠳ ᠤᠨ ᠲᠥᠯᠥᠭᠡᠯᠡᠭᠴᠢᠳ ᠤᠨ ᠭᠡᠷ︾  ᠪᠠ  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠥᠷᠲᠡᠭᠡ︾᠎ ᠶᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠩ ᠪᠠᠳᠤ ᠵᠣᠷᠢᠭ᠂ ᠨᠠᠩ ᠬᠦᠴᠦᠲᠡᠢ ᠠᠷᠭ᠎ᠠ  ᠂ ᠨᠠᠩ ᠯᠠᠪᠳᠠᠭᠤᠨ ᠰᠤᠷᠲᠠᠯ ᠢᠶᠠᠷ︽ᠠᠷᠠᠳ ᠤᠨ ᠲᠥᠯᠥᠭᠡᠯᠡᠭᠴᠢᠳ ᠤᠨ ᠭᠡᠷ︾  ᠪᠠ  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ  ᠥᠷᠲᠡᠭᠡ︾᠎ ᠶᠢ  ᠪᠠᠶᠢᠭᠤᠯᠬᠤ ᠠᠵᠢᠯ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ ᠠᠭᠤᠯᠭ᠎ᠠ ᠬᠡᠯᠪᠡᠷᠢ ᠪᠠᠨ ᠪᠠᠶᠠᠯᠢᠬᠵᠢᠭᠤᠯᠵᠤ᠂ ᠲᠡᠷᠢᠭᠦᠨ ᠤ ᠠᠷᠭ᠎ᠠ ᠲᠤᠷᠰᠢᠯᠭ᠎ᠠ ᠪᠠᠷ ᠲᠣᠯᠢ  ᠪᠤᠯᠭᠠᠨ᠂  ︽ ᠠᠷᠠᠳ ᠤᠨ ᠲᠥᠯᠥᠭᠡᠯᠡᠭᠴᠢᠳ ᠤᠨ ᠭᠡᠷ︾᠎ ᠢ ᠲᠦᠷᠢᠮᠵᠢᠯ ᠲᠠᠢ ᠰᠠᠶᠢᠬᠠᠨ ᠪᠠᠶᠢᠭᠤᠯᠵᠤ᠂ ᠲᠡᠭᠦᠨ ᠢ  ᠦᠪ ᠦᠨᠡᠨᠬᠦ ︽ᠬᠡᠪ ᠴᠢᠨᠠᠷ ᠢ ᠳᠡᠭᠡᠭᠰᠢᠯᠡᠭᠦᠯᠬᠦ ᠲᠠᠪᠴᠠᠩ︾᠂  ︽ᠤᠯᠠᠨ ᠲᠦᠮᠡᠨ ᠲᠠᠢ ᠬᠠᠷᠢᠯᠴᠠᠬᠤ ᠲᠠᠪᠴᠠᠩ︾᠂  ︽ᠠᠵᠢᠯᠯᠠᠭ᠎ᠠ ᠥᠷᠨᠢᠭᠦᠯᠬᠦ ᠲᠠᠪᠴᠠᠩ︾᠂ ︽ᠬᠢᠨᠠᠯᠲᠠ ᠬᠦᠯᠢᠶᠡᠬᠦ ᠲᠠᠪᠴᠠᠩ︾ ᠪᠣᠯᠭᠠᠬᠤ ᠬᠡᠷᠡᠭᠲᠡᠢ᠃ ᠭᠤᠷᠪᠠ ᠳᠤ ᠠᠷᠠᠳ ᠤᠯᠠᠨ ᠤ ︽ ᠰᠠᠨᠠᠭᠠᠰᠢᠷᠠᠵᠤ ᠵᠤᠪᠠᠵᠤ ᠬᠦᠰᠡᠵᠦ ᠬᠦᠯᠢᠶᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ︽ᠠᠷᠠᠳ ᠤᠨ ᠲᠥᠯᠥᠭᠡᠯᠡᠭᠴᠢᠳ ᠤᠨ ᠭᠡᠷ︾  ᠪᠠ  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ  ᠦᠷᠳᠡᠭᠡᠨ︾᠎ ᠤ ᠪᠦᠳᠦᠬᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ︽ᠠᠷᠠᠳ ᠤᠨ ᠲᠥᠯᠥᠭᠡᠯᠡᠭᠴᠢᠳ ᠤᠨ ᠭᠡᠷ︾  ᠪᠠ  ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠥᠷᠲᠡᠭᠡ︾᠎ ᠶᠢ ᠦᠨᠡᠨᠬᠦ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠎ ᠳᠤ ᠦᠢᠯᠡᠴᠢᠯᠡᠬᠦ᠂ ᠤᠯᠠᠨ ᠲᠦᠮᠡᠨ ᠢ  ᠨᠢᠭᠲᠠᠷᠠᠭᠤᠯᠬᠤ ᠴᠢᠬᠤᠯᠠ ᠠᠴᠢᠶᠠᠯᠠᠪᠤᠷᠢ ᠪᠣᠯᠭᠠᠨ ᠪᠠᠶᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号