ᠲᠠᠶᠢᠹᠤᠰᠧ ᠬᠤᠰᠢᠭᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/20
  3 ᠰᠠᠷ᠎ᠠ ᠶᠢᠨ 19᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠢ ᠡᠷᠭᠢᠯᠠᠨ ᠬᠤᠷᠠᠯᠳᠤᠭᠤᠯᠪᠠ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ︽ᠲᠠᠶᠢᠹᠤᠰᠧ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ  ᠲᠦᠰᠦᠪ︾ ᠶᠣᠰᠣᠭᠠᠷ᠂ ᠰᠡᠳᠬᠢᠴᠡ ᠪᠠᠨ ᠰᠢᠯᠤᠭᠤᠳᠬᠠᠵᠤ᠂ ᠭᠤᠣᠯᠳᠠᠯᠭ᠎ᠠ ᠶᠢ ᠲᠣᠪᠤᠶᠢᠯᠭᠠᠨ᠂ ᠠᠰᠠᠭᠤᠳᠠᠯ ᠳᠤ ᠰᠢᠭᠤᠳ ᠬᠠᠨᠳᠤᠵᠤ᠂ ᠵᠠᠩᠭᠢᠯᠠᠭ᠎ᠠ ᠶᠢ ᠰᠠᠶᠢᠳᠤᠷ ᠠᠳᠬᠤᠨ᠂ ᠲᠠᠷᠢᠶᠠᠯᠠᠩ ᠤᠨ ᠤᠰᠤᠨ ᠤ ᠦᠨ᠎ᠡ  ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠪᠦᠭᠦ ᠬᠦᠴᠦᠨ ᠢᠶᠠᠷ ᠠᠬᠢᠭᠤᠯᠵᠤ᠂ ᠠᠮᠢ ᠠᠬᠤᠢ ᠶᠢᠨ ᠲᠠᠶᠢᠹᠤᠰᠧ ᠬᠤᠰᠢᠭᠤᠨ ᠤ ᠪᠠᠶᠢᠭᠤᠯᠤᠯᠲᠠ ᠳᠤ ᠬᠦᠴᠦᠷᠭᠡᠭ ᠶᠡᠭᠡ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠦᠵᠡᠯ ᠰᠠᠨᠠᠭ᠎ᠠ ᠪᠠᠨ ᠨᠢᠭᠡᠳᠬᠡᠨ᠂  ᠵᠡᠷᠭᠡᠪᠡᠷ ᠠᠳᠬᠤᠨ ᠬᠠᠮᠳᠤᠪᠠᠷ ᠬᠠᠮᠢᠶᠠᠷᠴᠤ᠂ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂  ᠪᠥᠬᠦ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ  ᠴᠢᠩᠭᠠᠳᠬᠠᠨ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠠᠵᠢᠯ ᠢ ᠰᠠᠶᠢᠨ ᠬᠢᠵᠦ᠂   ᠷᠠᠳᠢᠤ᠋ ᠲᠧᠯᠸᠢᠰ᠂ ᠰᠢᠨ᠎ᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠣᠯᠠᠨ  ᠲᠠᠷᠢᠶᠠᠴᠢᠳ ᠢ ᠵᠢᠯᠤᠭᠤᠳᠤᠨ ᠤᠰᠤ ᠠᠷᠪᠢᠯᠠᠬᠤ ᠦᠵᠡᠯ ᠤᠬᠠᠮᠰᠠᠷ ᠢ ᠨᠢ ᠨᠡᠮᠡᠭᠳᠡᠬᠦᠯᠵᠦ᠂ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠪᠠ ᠠᠷᠪᠢᠴᠢ ᠭᠠᠮᠳᠠᠢ ᠪᠠᠷ ᠤᠰᠤ ᠬᠡᠷᠡᠭᠯᠡᠬᠦ ᠤᠬᠠᠮᠰᠠᠷᠲᠤ ᠴᠢᠨᠠᠷ ᠢ ᠨᠢ ᠴᠢᠩᠭᠠᠳᠬᠠᠨ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ︽ ᠲᠠᠶᠢᠹᠤᠰᠧ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠪ︾  ᠎ ᠲᠤ ᠲᠠᠶᠢᠯᠤᠮᠵᠢ ᠬᠢᠵᠡᠢ᠃  ᠲᠡᠳ᠋  ᠬᠤᠰᠢᠭᠤ ᠳᠠᠷᠤᠭ᠎ᠠ ᠯᠢ ᠵᠠᠨ ᠪᠦᠦ  ᠂  ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠠᠷᠤᠭ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠤᠪᠴᠢᠶ᠎ᠠ᠂ ᠲᠠᠷᠢᠶᠠᠯᠠᠩ  ᠮᠠᠯ ᠠᠵᠤ ᠠᠬᠤᠢ ᠶᠢᠨ ᠲᠤᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号