ᠲᠠᠶᠢᠹᠤᠰᠧ  ᠬᠤᠰᠢᠭᠤ ᠨᠢᠭᠡᠳᠦᠮᠡᠯ ᠹᠷᠣᠨᠲ ᠤᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/20
  ᠤᠯᠤᠰ᠂  ᠣᠷᠣᠨ᠂  ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠰᠢᠰᠲ᠋ᠧᠮ ᠎ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠤᠯᠠᠮ ᠰᠠᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ  ᠶᠢᠨ ᠲᠥᠯᠥᠭᠡ᠂ 3 ᠰᠠᠷ᠎ᠠ ᠶᠢᠨ 18᠎ ᠤ ᠡᠳᠦᠷ ᠲᠠᠶᠢᠹᠤᠰᠧ ᠬᠤᠰᠢᠭᠤ  ᠎ ᠨᠢ ᠨᠢᠭᠡᠳᠦᠮᠡᠯ ᠹᠷᠣᠨᠲ ᠤᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠢᠵᠦ ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠨᠢᠭᠡᠳᠦᠮᠡᠯ ᠹᠷᠣᠨᠲ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ᠂ ᠡᠯ᠎ᠡ ᠰᠤᠮᠤ ᠰᠢᠶᠠᠩ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠤᠯᠤᠰ᠂ ᠣᠷᠣᠨ᠂ ᠠᠶᠢᠮᠠᠭ ᠤᠨ ᠨᠢᠭᠡᠳᠦᠮᠡᠯ ᠹᠷᠣᠨᠲ ᠤᠨ ᠬᠡᠯᠳᠡᠰ ᠤᠨ ᠲᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂   ᠤᠳᠤᠷᠢᠳᠤᠯᠭ᠎ᠠ ᠨᠠᠷ ᠠᠴᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠪᠠᠨ ᠭᠤᠣᠯᠳᠠᠯᠭ᠎ᠠ ᠲᠠᠢ ᠠᠵᠢᠯ ᠡᠭᠦᠷᠭᠡ ᠶᠢ  ᠪᠠᠶᠢᠷᠢᠯᠠᠭᠤᠯᠪᠠ ᠃ ᠬᠤᠷᠠᠯ ᠠᠴᠠ᠂ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠵᠡᠷᠭᠡᠪᠡᠷ ᠥᠷᠨᠢᠭᠦᠯᠵᠦ᠂ ᠵᠡᠷᠭᠡᠪᠡᠷ ᠠᠬᠢᠭᠤᠯᠵᠤ᠂ ᠵᠡᠷᠭᠡᠪᠡᠷ ᠨᠠᠶᠢᠳᠠᠪᠤᠷᠢᠵᠢᠭᠤᠯᠵᠤ᠂ 2024 ᠣᠨ ᠤ ᠨᠢᠭᠡᠳᠦᠮᠡᠯ ᠹᠷᠣᠨᠲ ᠤᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ  ᠃ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠠᠵᠢᠯ ᠤᠨ ᠲᠤᠮᠳᠠ ᠪᠠᠨ ᠠᠭᠤᠰᠤᠯᠴᠠᠭᠤᠯᠤᠨ᠂ ᠲᠤᠰ ᠪᠠᠶᠢᠭᠤᠯᠭ᠎ᠠ ᠨᠢᠭᠡᠴᠡ᠂ ᠲᠤᠰ ᠭᠠᠵᠠᠷ ᠣᠷᠣᠨ ᠵᠢᠴᠢ ᠨᠢᠭᠡᠳᠦᠮᠡᠯ ᠹᠷᠣᠨᠲ ᠤᠨ ᠡᠯ᠎ᠡ ᠬᠦᠷᠢᠶ᠎ᠡ ᠴᠠᠷᠠᠭ᠎ᠠ ᠳᠤ ᠰᠠᠶᠢᠳᠤᠷ ᠰᠤᠷᠤᠯᠴᠠᠨ  ᠤᠯᠠᠮᠵᠢᠯᠠᠵᠤ ᠤᠬᠠᠭᠤᠯᠤᠨ ᠲᠠᠶᠢᠯᠪᠤᠷᠢᠯᠠᠬᠤ  ᠬᠡᠷᠡᠭᠲᠡᠢ᠃ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠢᠳᠡᠪᠬᠢᠵᠢᠯ ᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠲᠦᠷᠦᠯ ᠲᠡᠮᠳᠡᠭ ᠢ ᠡᠬᠦᠳᠦᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠤᠨ ᠶᠡᠭᠡ ᠲᠠᠯ᠎ᠠ ᠶᠢᠨ ᠤᠬᠠᠮᠰᠠᠷ ᠢ ᠪᠠᠳᠤᠳᠬᠠᠵᠤ᠂ ᠳᠡᠭᠡᠳᠦ ᠱᠠᠲᠤᠨ ᠤ ᠭᠤᠣᠯᠳᠠᠯᠭ᠎ᠠ ᠲᠠᠢ ᠠᠵᠢᠯ ᠡᠭᠦᠷᠭᠡ ᠶᠢ ᠴᠢᠨᠠᠷ ᠰᠠᠶᠢᠳᠠᠢ ᠪᠡᠶᠡᠯᠡᠬᠦᠯᠦᠨ᠂  ᠡᠯ᠎ᠡ ᠲᠦᠷᠦᠯ ᠤᠨ ᠠᠵᠢᠯ ᠤᠨ ᠱᠠᠭᠠᠷᠳᠠᠯᠭ᠎ᠠ ᠶᠢ ᠰᠠᠶᠢᠲᠤᠷ  ᠨᠠᠶᠢᠳᠠᠪᠤᠷᠢᠵᠢᠭᠤᠯᠤᠨ᠂  ᠵᠣᠬᠢᠴᠠᠭᠤᠯᠭ᠎ᠠ ᠬᠠᠮᠵᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂  ᠬᠠᠮᠲᠤᠷᠠᠯ ᠤᠨ ᠬᠦᠴᠦᠨ ᠢ ᠨᠢᠬᠳᠠᠷᠠᠭᠤᠯᠬᠤ ᠶᠢᠨ ᠬᠠᠮᠳᠤ᠂ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠴᠢᠬᠤᠯᠠ ᠴᠢᠨᠠᠷ ᠢ ᠲᠠᠨᠢᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽ᠨᠢᠭᠡᠳᠦᠮᠡᠯ ᠹᠷᠣᠨᠲ ᠤᠨ ᠭᠡᠷ︾᠎ ᠤᠨ ᠰᠠᠭᠤᠷᠢᠨ ᠭᠠᠵᠠᠷ ᠤᠨ ᠦᠢᠯᠡᠳᠦᠯ ᠢ  ᠪᠠᠳᠠᠷᠠᠭᠤᠯᠵᠤ᠂ ᠨᠠᠶᠢᠷᠠᠭᠤᠯᠵᠤ ᠪᠢᠴᠢᠬᠦ ᠠᠷᠭ᠎ᠠ ᠵᠠᠮ ᠢ ᠰᠦᠪᠡᠭᠴᠢᠯᠡᠨ᠂ ᠨᠢᠭᠡᠳᠦᠮᠡᠯ ᠹᠷᠣᠨᠲ ᠤᠨ ᠰᠢᠰᠲ᠋ᠧᠮ ᠤᠨ ᠮᠡᠳᠡᠭᠡ ᠵᠠᠩᠭᠢ ᠪᠢᠴᠢᠬᠦ ᠠᠵᠢᠯ ᠎ ᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号