ᠲᠠᠶᠢᠹᠤᠰᠧ ᠬᠤᠰᠢᠭᠤ ᠰᠠᠶᠢᠨ ᠡᠬᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/20
  3 ᠰᠠᠷ᠎ᠠ ᠶᠢᠨ 19᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠲᠠᠶᠢᠹᠤᠰᠧ ᠬᠤᠰᠢᠭᠤᠨ ᠤ ᠰᠠᠶᠢᠨ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠠᠵᠢᠯ ᠢ ᠲᠤᠰᠬᠠᠢ ᠲᠦᠷᠦᠯ ᠢᠶᠠᠷ ᠲᠦᠯᠬᠢᠨ ᠠᠬᠢᠭᠤᠯᠬᠤ ᠬᠤᠷᠠᠯ ᠵᠢᠴᠢ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠭᠡᠶᠢᠯᠡᠬᠦ ᠲᠠᠷᠢᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠠᠨ ᠬᠤᠷᠠᠯᠳᠤᠭᠤᠯᠪᠠ᠃ ᠬᠤᠷᠠᠯ ᠠᠴᠠ᠂ ᠮᠠᠯᠴᠢᠨ ᠲᠠᠷᠢᠶᠠᠴᠢᠨ ᠤ ᠦᠵᠡᠯ ᠤᠬᠠᠮᠰᠠᠷ ᠢ ᠬᠤᠪᠢᠷᠠᠭᠤᠯᠤᠨ᠂  ᠪᠤᠬ᠎ᠠ ᠶᠢ ᠰᠦᠷᠦᠭ ᠠᠴᠠ ᠰᠠᠯᠭᠠᠬᠤ᠂ ᠭᠡᠭᠡᠯᠳᠦᠬᠦᠯᠭᠡ ᠶᠢᠨ ᠮᠡᠷᠭᠡᠵᠢᠯ ᠢ ᠪᠠᠲᠤᠯᠠᠬᠤ ᠵᠡᠷᠭᠡ ᠠᠵᠢᠯ ᠢ ᠰᠠᠶᠢᠨ ᠬᠢᠵᠦ᠂  ᠰᠠᠶᠢᠨ ᠡᠬᠦᠯᠳᠡᠷ ᠤᠨ ᠮᠢᠬᠠᠨ ᠤ ᠦᠬᠡᠷ    ᠦᠷᠡᠵᠢᠭᠦᠯᠦᠨ ᠪᠣᠶᠢᠵᠢᠭᠤᠯᠬᠤ  ᠠᠵᠢᠯ ᠢ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ᠃ ᠮᠡᠷᠭᠡᠵᠢᠯ ᠤᠨ ᠲᠤᠯᠭᠠᠭᠤᠷᠢᠯᠠᠯ ᠪᠠ ᠪᠠᠲᠤᠯᠠᠭ᠎ᠠ ᠶᠢ ᠴᠢᠩᠭᠠᠳᠬᠠᠨ᠂ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂  ᠡᠬᠦᠯᠳᠡᠷ ᠰᠠᠶᠢᠵᠢᠷᠠᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃  ᠠᠮᠢᠳᠠᠨ ᠤ ᠬᠢᠵᠢᠭ  ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠢᠵᠢᠭ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠯᠦᠬᠡᠢ ᠡᠪᠡᠳᠴᠢᠨ᠂  ᠪᠷᠦ᠋ᠼᠧᠯ ᠡᠪᠡᠳᠴᠢᠨ ᠵᠡᠷᠭᠡ ᠬᠦᠨᠳᠦ ᠶᠡᠭᠡ ᠡᠪᠡᠳᠴᠢᠨ ᠬᠢᠵᠢᠭ ᠤᠨ ᠰᠡᠷᠭᠡᠶᠢᠯᠡᠯᠳᠡ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠨ᠂ ᠳᠡᠯᠭᠡᠷᠡᠬᠦ ᠵᠢᠮ᠎ᠡ ᠶᠣᠰᠣ ᠪᠠ ᠬᠢᠵᠢᠭ ᠤᠨ ᠪᠠᠶᠢᠳᠠᠯ ᠢ ᠤᠨᠤᠪᠴᠢᠳᠠᠢ ᠡᠵᠡᠮᠰᠢᠵᠦ᠂ ᠬᠠᠪᠤᠷ ᠤᠨ ᠤᠯᠠᠷᠢᠯ ᠤᠨ ᠰᠡᠷᠭᠡᠶᠢᠯᠡᠯᠳᠡ ᠶᠢᠨ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂  ︽ᠰᠢᠯᠢ ᠶᠢᠨ ᠭᠤᠣᠯ ᠠᠶᠢᠮᠠᠭ ᠤᠨ  ᠰᠠᠶᠢᠨ ᠡᠭᠦᠯᠳᠡᠷ ᠤᠨ ᠮᠢᠬᠠᠨ ᠦᠬᠡᠷ ᠤᠨ ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ ︵ᠲᠤᠷᠰᠢᠨ ᠬᠡᠷᠡᠭᠵᠢᠭᠦᠯᠬᠦ︶︾᠂ ︽ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠮᠢᠬᠠᠨ ᠤ ᠦᠬᠡᠷ ᠎ ᠤᠨ ᠭᠡᠪᠴᠢᠶᠡᠵᠢᠭᠰᠡᠨ ᠬᠠᠰᠢᠶᠠᠯᠠᠭ᠎ᠠ ᠶᠢᠨ ᠮᠠᠯᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾  ᠂ ︽ᠰᠢᠯᠢ ᠶᠢᠨ ᠭᠤᠣᠯ ᠠᠶᠢᠮᠠᠭ ᠤᠨ  ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾᠎ ᠂ ︽2024 ᠣᠨ ᠤ ᠲᠠᠶᠢᠹᠤᠰᠧ ᠬᠤᠰᠢᠭᠤᠨ ᠤ  ᠰᠠᠶᠢᠨ ᠡᠬᠦᠯᠳᠡᠷ ᠤᠨ ᠮᠢᠬᠠᠨ ᠦᠬᠡᠷ ᠦᠷᠡᠵᠢᠭᠦᠯᠦᠨ ᠪᠣᠶᠢᠵᠢᠭᠤᠯᠬᠤ ᠠᠵᠢᠯ ᠢ ᠲᠤᠰᠬᠠᠢ ᠲᠦᠷᠦᠯ ᠢᠶᠠᠷ ᠠᠬᠢᠭᠤᠯᠬᠤ ᠬᠡᠷᠡᠭᠵᠢᠭᠦᠯᠬᠦ ᠲᠦᠰᠦᠪ︾  ᠂ ︽2024 ᠣᠨ ᠤ ᠲᠠᠶᠢᠹᠤᠰᠧ ᠬᠤᠰᠢᠭᠤᠨ ᠤ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠬᠠᠪᠤᠷ ᠤᠨ ᠤᠯᠠᠷᠢᠯ ᠤᠨ ᠰᠡᠷᠭᠡᠶᠢᠯᠡᠯᠳᠡ ᠶᠢᠨ ᠲᠠᠷᠢᠯᠭ᠎ᠠ ᠶᠢ ᠬᠢᠬᠦ ᠲᠤᠬᠠᠢ ᠮᠡᠳᠡᠭᠳᠡᠯ︾᠎ ᠢ ᠤᠯᠠᠮᠵᠢᠯᠠᠨ ᠲᠠᠶᠢᠯᠪᠤᠷᠢᠯᠠᠵᠠᠢ᠃  ᠲᠡᠳ᠋ ᠬᠤᠰᠢᠭᠤ ᠲᠠᠷᠤᠭ᠎ᠠ ᠯᠢ ᠵᠠᠨ ᠪᠦᠦ᠂  ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠠᠷᠤᠭ᠎ᠠ᠂   ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号