ᠴᠢᠶᠠᠨ ᠶᠢᠨ ᠭᠧᠦ ᠪᠠᠯᠭᠠᠰᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
   3 ᠰᠠᠷ᠎ᠠ ᠶᠢᠨ 19 ᠤ ᠡᠳᠦᠷ᠂ ᠴᠢᠶᠠᠨ ᠶᠢᠨ ᠭᠧᠦ ᠪᠠᠯᠭᠠᠰᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ  ᠬᠤᠷᠠᠯᠳᠤᠭᠤᠯᠵᠤ᠂  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠪᠠᠯᠭᠠᠰᠤᠨ ᠤ 2023 ᠣᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠳ᠋ᠦᠩᠨᠡᠭᠰᠡᠨ ᠪᠥᠭᠡᠳ 2024 ᠣᠨ ᠤ  ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠳᠠ ᠬᠢᠵᠡᠢ᠃ ᠬᠤᠷᠠᠯ ᠠᠴᠠ᠂ ᠪᠦᠬᠦ ᠪᠠᠯᠭᠠᠰᠤ ᠪᠠᠷ ᠢᠶᠠᠨ  ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠡᠷᠡᠯ ᠢ ᠡᠰᠡᠷᠭᠦᠴᠡᠬᠦ ᠲᠡᠮᠡᠴᠡᠯ ᠢ ᠭᠤᠶᠢᠪᠢᠰᠢ ᠦᠭᠡᠢ ᠠᠬᠢᠭᠤᠯᠤᠨ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠳᠠᠯᠠᠨ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ  ᠪᠠᠶᠢᠭᠤᠯᠬᠤ ᠬᠡᠷᠡᠭᠲᠡᠢ᠂ ᠨᠢᠭᠡ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠢᠲᠡᠭᠡᠯ ᠵᠣᠷᠢᠭ ᠢᠶᠠᠨ ᠤᠯᠠᠮ ᠪᠠᠳᠤᠳᠬᠠᠨ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠬᠦᠷᠭᠡᠯᠡᠬᠦ︾ ᠶᠢ ᠰᠠᠶᠢᠲᠤᠷ ᠭᠦᠢᠴᠡᠳᠬᠡᠵᠦ᠂ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ  ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ᠂  ᠬᠡᠯᠪᠡᠷᠢ ᠶᠢ ᠬᠤᠪᠢᠷᠠᠭᠤᠯᠵᠤ ᠴᠢᠨᠠᠷ ᠰᠠᠶᠢᠲᠠᠢ ᠬᠦᠭᠵᠢᠬᠦᠯᠬᠦ ᠭᠤᠣᠯ ᠰᠡᠳᠦᠪ ᠢ ᠰᠠᠶᠢᠳᠤᠷ ᠠᠳᠬᠤᠵᠤ᠂ ᠤᠯᠤᠰ ᠲᠦᠷᠦ ᠶᠢᠨ ᠬᠢᠨᠠᠯᠲᠠ ᠶᠢ ᠡᠳᠦᠷ ᠲᠤᠳᠤᠮ ᠤᠨ ᠠᠵᠢᠯ ᠤᠨ ᠲᠤᠮᠳᠠ ᠠᠭᠤᠰᠤᠯᠴᠠᠭᠤᠯᠤᠨ ᠪᠠᠶᠢᠩᠭᠤᠵᠢᠭᠤᠯᠬᠤ ᠬᠡᠷᠡᠭᠲᠡᠢ᠃ ᠭᠤᠷᠪᠠ ᠳᠤ᠂ ︽ᠭᠤᠷᠪᠠᠨ ᠦᠯᠦ ᠪᠤᠯᠬᠤ︾  ᠴᠢᠭᠯᠡᠯᠲᠡ  ᠪᠣᠳᠣᠯᠭ᠎ᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠦᠨᠳᠦᠰᠦᠨ ᠱᠠᠲᠤᠨ ᠤ ᠢᠯᠵᠡᠷᠡᠯ ᠢ ᠵᠠᠰᠠᠬᠤ ᠠᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠨᠳᠦᠰᠦᠨ ᠱᠠᠲᠤᠨ ᠤ ᠬᠢᠨᠠᠯᠲᠠ ᠵᠠᠰᠠᠯᠳᠠ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠰᠤᠷᠲᠠᠯ ᠢ ᠦᠷᠭᠦᠯᠵᠢᠯᠡᠨ  ᠰᠠᠶᠢᠵᠢᠷᠠᠭᠤᠯᠵᠤ᠂ ᠳᠦᠷᠢᠮ ᠢ ᠲᠠᠰᠤᠷᠠᠯᠳᠠ ᠦᠬᠡᠢ ᠲᠡᠬᠦᠯᠳᠡᠷᠵᠢᠬᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠪᠦᠬᠦ ᠲᠠᠯ᠎ᠠ ᠶᠢᠨ ᠬᠦᠮᠦᠵᠢᠯ ᠢ ᠠᠬᠢᠭᠤᠯᠬᠤ ᠬᠡᠷᠡᠭᠲᠡᠢ᠃ ᠳᠥᠷᠪᠡ ᠳᠤ᠂ ︽ᠲᠦᠷᠪᠡᠨ ᠰᠤᠷᠲᠠᠯ︾  ᠢ ᠵᠠᠯᠠᠷᠠᠭᠤᠯᠵᠤ ᠰᠢᠨ᠎ᠡ ᠰᠤᠷᠲᠠᠯ ᠢ ᠲᠡᠯᠬᠡᠷᠡᠬᠦᠯᠦᠨ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠪᠠᠶᠢᠩᠭᠤ ᠠᠳᠬᠤᠵᠤ᠂  ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ᠂ ᠳᠡᠷᠭᠡᠳᠡᠬᠢ ᠲᠥᠪ ᠪᠤᠰᠤ ᠰᠤᠷᠲᠠᠯ ᠢ ᠵᠠᠯᠠᠷᠠᠭᠤᠯᠵᠤ᠂ ᠦᠨᠳᠦᠰᠦᠨ ᠱᠠᠲᠤᠨ ᠤ ︽ᠪᠢᠴᠢᠯ ᠢᠯᠵᠡᠷᠡᠯ︾  ᠢ ᠴᠢᠩᠭ᠎ᠠ ᠪᠠᠶᠢᠴᠠᠭᠠᠵᠤ ᠰᠢᠢᠳᠪᠦᠷᠢᠯᠡᠨ᠂ ᠺᠠᠳ᠋ᠷᠴᠤᠳ ᠤᠨ ᠨᠡᠩ ᠰᠠᠶᠢᠨ ᠢᠶᠠᠷ ᠬᠠᠷᠢᠭᠤᠴᠠᠯᠭ᠎ᠠ ᠡᠬᠦᠷᠭᠡᠯᠡᠵᠦ ᠠᠵᠢᠯ ᠬᠢᠬᠦ ᠶᠢ ᠠᠬᠢᠭᠤᠯᠬᠤ ᠬᠡᠷᠡᠭᠲᠡᠢ᠃ ᠲᠠᠪᠤ ᠳᠤ ᠂ ᠵᠠᠯᠠᠭᠤ ᠺᠠᠳ᠋ᠷᠴᠤᠳ ᠤᠨ ᠬᠦᠮᠦᠵᠢᠯ ᠪᠠ ᠬᠠᠮᠢᠶᠠᠷᠤᠯᠳᠠ ᠶᠢ ᠴᠢᠩᠭᠠᠳᠬᠠᠨ᠂ ᠦᠨᠡᠨᠴᠢ ᠰᠢᠳᠤᠷᠭᠤ ᠨᠠᠶᠢᠳᠠᠪᠤᠷᠢᠲᠠᠢ ᠰᠠᠶᠢᠨ ᠺᠠᠳ᠋ᠷᠴᠤᠳ ᠢ ᠬᠥᠮᠥᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ  ᠴᠢᠩᠭᠠᠳᠬᠠᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠪᠠᠰᠤᠷᠠᠯ ᠢ ᠴᠢᠩᠳᠠᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ︽ᠠᠩᠬᠠᠨ ᠤ ᠲᠤᠪᠴᠢ︾ ᠶᠢ ᠰᠠᠶᠢᠲᠤᠷ ᠲᠣᠪᠴᠢᠯᠠᠬᠤ ᠬᠡᠷᠡᠭᠲᠡᠢ᠃ ᠵᠢᠷᠭᠤᠭ᠎ᠠ ᠳᠤ᠂ ᠬᠢᠨᠠᠯᠲᠠ ᠪᠠᠶᠢᠴᠠᠭᠠᠯᠳᠠ ᠶᠢ ᠴᠢᠩᠭᠠᠳᠬᠠᠨ᠂ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ᠂ ᠬᠢᠨᠠᠯᠲᠠ ᠪᠠᠶᠢᠴᠠᠭᠠᠯᠳᠠ ᠶᠢᠨ ᠲᠣᠭᠲᠠᠴᠠ ᠶᠢ ᠪᠦᠷᠢᠨᠰᠢᠬᠦᠯᠦᠨ᠂ ᠡᠳᠦᠷ ᠲᠤᠳᠤᠮ ᠤᠨ ᠬᠢᠨᠠᠯᠲᠠ ᠲᠠᠯᠪᠢᠬᠤ ᠪᠠ ᠲᠤᠰᠬᠠᠢ ᠲᠦᠷᠦᠯ ᠤᠨ ᠬᠢᠨᠠᠯᠲᠠ ᠲᠠᠯᠪᠢᠬᠤ ᠠᠵᠢᠯ ᠢ ᠤᠷᠳᠤ ᠬᠤᠭᠤᠴᠠᠭ᠎ᠠ ᠪᠠᠷ ᠨᠠᠷᠢᠨ ᠪᠣᠳᠠᠲᠠᠢ ᠬᠢᠵᠦ᠂  ᠪᠦᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ  ᠬᠠᠩᠭᠠᠬᠤ ᠭᠡᠷᠡᠭᠳᠡᠢ  ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号