ᠲᠠᠶᠢᠹᠤᠰᠧ ᠬᠤᠰᠢᠭᠤ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 20᠎ ᠤ ᠡᠳᠦᠷ᠂  ᠲᠠᠶᠢᠹᠤᠰᠧ ᠬᠤᠰᠢᠭᠤᠨ ᠤ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠵᠠᠰᠠᠭ ᠵᠠᠬᠢᠷᠭᠠᠨ ᠤ ᠲᠥᠪ ᠲᠤ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠢᠨ ᠶᠦᠩ ᠾᠧ᠂ ᠳ᠋ᠦ᠋ ᠸᠧᠢ ᠬᠤᠷᠠᠯ ᠳᠤ ᠤᠷᠤᠯᠴᠠᠨ᠂ ᠸᠠᠩ ᠵᠢᠦᠢ ᠰᠢ ᠬᠤᠷᠠᠯ ᠢ ᠡᠷᠭᠢᠯᠡᠪᠡ᠃ ᠬᠤᠷᠠᠯ ᠠᠴᠠ ᠵᠢᠭᠠᠵᠤ ᠭᠠᠷᠭᠠᠬᠤ ᠳᠠᠭᠠᠨ᠂  ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠬᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠶᠢᠨ ᠴᠢᠬᠤᠯᠠ ᠨᠢᠬᠡᠨ ᠡᠭᠦᠷᠭᠡ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ  ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂  ᠲᠥᠪ ᠭᠤᠣᠯᠴᠢ ᠪᠣᠯᠪᠠᠰᠤᠨ ᠢᠶᠠᠷ ᠬᠠᠤᠯᠢ ᠭᠡᠷᠡᠭᠵᠢᠬᠦᠯᠬᠦ ᠶᠢ ᠴᠢᠩᠭ᠎ᠠ ᠲᠦᠷᠢᠮᠵᠢᠬᠦᠯᠦᠨ᠂ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠦᠬᠦ ᠬᠦᠴᠦᠨ ᠢᠶᠠᠷ ᠡᠬᠦᠳᠴᠦ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠠᠤᠯᠢᠵᠢᠯ ᠤᠨ ᠰᠠᠭᠤᠷᠢ ᠶᠢ ᠪᠠᠳᠤ ᠴᠤᠭᠴᠠᠯᠠᠬᠤ ᠬᠡᠷᠡᠭᠲᠡᠢ᠃ ᠪᠠᠳᠤᠯᠠᠭᠠᠨ ᠤ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠪᠠᠷᠢᠯ ᠢᠶᠠᠨ  ᠰᠢᠨᠡᠴᠢᠯᠡᠵᠦ᠂ ᠶᠠᠰᠤ ᠴᠢᠨᠠᠷ ᠢ ᠲᠡᠭᠡᠭᠰᠢᠯᠡᠬᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠨ᠂  ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠠᠭᠤᠷᠢ ᠶᠢ ᠤᠯᠠᠮ ᠪᠠᠲᠤᠳᠬᠠᠬᠤ ᠬᠡᠷᠡᠭᠲᠡᠢ ᠭᠡᠪᠡ᠃ ᠬᠤᠷᠠᠯ ᠲᠡᠭᠡᠷ᠎ᠡ᠂ 2023 ᠣᠨ ᠤ ᠪᠥᠬᠦ ᠬᠤᠰᠢᠭᠤᠨ ᠤ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠬᠡᠰᠡᠭ ᠭᠠᠵᠠᠷ ᠣᠷᠣᠨ ᠤ ᠬᠠᠤᠯᠢᠵᠢᠯ ᠤᠨ ᠪᠠᠶᠢᠭᠤᠯᠤᠯᠲᠠ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠠᠶᠢᠨ᠎ᠠ᠃ ᠡᠯ᠎ᠡ ᠰᠤᠮᠤ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ᠂  ᠬᠤᠰᠢᠭᠤ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号