ᠲᠠᠶᠢᠹᠤᠰᠧ ᠬᠤᠰᠢᠭᠤ ᠮᠠᠯᠴᠢᠨ ᠲᠠᠷᠢᠶᠠᠴᠢᠨ ᠤ ᠭᠡᠪ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/3/21
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠮᠠᠯᠴᠢᠨ ᠲᠠᠷᠢᠶᠠᠴᠢᠨ ᠢ ᠵᠢᠯᠤᠭᠤᠳᠤᠨ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠮᠡᠳᠡᠯᠭᠡ ᠪᠠ ᠪᠤᠳᠠᠳᠤ ᠬᠡᠷᠡᠭᠯᠡᠭᠡᠨ ᠤ ᠮᠡᠷᠭᠡᠵᠢᠯ ᠴᠢᠳᠠᠪᠤᠷᠢ ᠲᠠᠢ  ᠪᠤᠯᠭᠠᠬᠤ ᠶᠢᠨ ᠲᠦᠯᠦᠭᠡ᠂ 3 ᠰᠠᠷ᠎ᠠ ᠶᠢᠨ 8᠎ ᠤ ᠡᠳᠦᠷ ᠠᠴᠠ 14᠎ ᠤ ᠡᠳᠦᠷ ᠪᠣᠯᠲᠠᠯ᠎ᠠ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠎ ᠨᠢ ᠲᠤᠰᠬᠠᠢ  ᠮᠡᠷᠭᠡᠵᠢᠯᠲᠡᠳ ᠢ ᠵᠣᠬᠢᠶᠠᠨ ᠪᠠᠶᠢᠭᠤᠯᠵᠤ ᠯᠥᠸᠧ ᠲᠦᠸᠧ ᠱᠠᠨ ᠪᠠᠯᠭᠠᠰᠤᠨ ᠤ ᠵᠥᠩ ᠾᠧ ᠲᠣᠰᠬᠤᠨ᠂ ᠯᠥᠸᠧ ᠲᠦᠸᠧ ᠱᠠᠨ ᠲᠣᠰᠬᠤᠨ᠂  ᠵᠠᠩ ᠹᠠᠩ ᠱᠠᠨ ᠲᠣᠰᠬᠤᠨ᠂ ᠴᠢᠶᠠᠨ ᠶᠢᠨ ᠭᠧᠦ ᠪᠠᠯᠭᠠᠰᠤᠨ ᠤ ᠮᠠ ᠲᠢ ᠭᠧᠦ ᠲᠣᠰᠬᠤᠨ᠂  ᠬᠤᠩ ᠴᠢ ᠪᠠᠯᠭᠠᠰᠤᠨ ᠤ ᠬᠤᠩ ᠴᠢ ᠲᠣᠰᠬᠤᠨ᠂ ᠶᠤᠸᠠᠢ ᠶᠢᠨ ᠲᠣᠰᠬᠤᠨ ᠳᠤ ᠬᠦᠨᠵᠡᠬᠡᠶᠢᠷᠡᠨ᠂ 2023 ᠣᠨ ᠤ ᠮᠠᠯᠴᠢᠨ ᠲᠠᠷᠢᠶᠠᠴᠢᠨ ᠤ ᠭᠡᠪ ᠴᠢᠳᠠᠪᠤᠷᠢ ᠶᠢ ᠲᠡᠭᠡᠭᠰᠢᠯᠡᠬᠦᠯᠬᠦ ᠬᠢᠴᠢᠶᠡᠯ ᠪᠤᠯᠪᠠᠰᠤᠷᠠᠯ ᠡᠷᠬᠢᠯᠡᠵᠡᠢ᠃ ᠪᠣᠯᠪᠠᠰᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠬᠠᠤᠯᠢ ᠲᠦᠷᠢᠮ ᠪᠠ ᠲᠦᠷᠦ ᠶᠢᠨ ᠪᠣᠳᠣᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ᠂ ᠲᠠᠷᠢᠶᠠᠯᠠᠬᠤ ᠰᠣᠶᠣᠯ᠂   ᠮᠢᠬᠠᠨ ᠤ ᠦᠬᠡᠷ ᠠᠷᠠᠴᠢᠯᠠᠨ ᠮᠠᠯᠵᠢᠬᠤ ᠬᠠᠮᠢᠶᠠᠷᠤᠯᠲᠠ ᠵᠢᠴᠢ ᠠᠮᠢᠳᠠᠨ ᠤ  ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂  ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ᠂ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠵᠡᠷᠭᠡ ᠶᠡᠷᠦ ᠶᠢᠨ ᠮᠡᠳᠡᠯᠭᠡ ᠶᠢᠨ ᠲᠤᠭᠤᠷᠢᠨ ᠎ ᠳᠤ ᠬᠢᠴᠢᠶᠡᠯ ᠲᠠᠶᠢᠯᠤᠮᠵᠢ ᠬᠢᠭᠰᠡᠨ ᠪᠠᠶᠢᠨ᠎ᠠ᠃  ᠡᠨᠡ ᠤᠳᠠᠭᠠᠨ ᠤ ᠪᠣᠯᠪᠠᠰᠤᠷᠠᠯ ᠨᠢ ᠮᠠᠯᠴᠢᠨ ᠲᠠᠷᠢᠶᠠᠴᠢᠨ ᠤ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠵᠦ᠂ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠦᠨ᠂ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠡᠵᠡᠮᠰᠢᠬᠦᠯᠵᠦ  ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠰᠢᠭᠤ ᠶᠢ ᠲᠦᠷᠭᠡᠳᠬᠡᠨ ᠪᠠᠶᠢᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠬᠠᠩᠭᠠᠵᠠᠢ᠃ ᠣᠳᠣᠬᠠᠨ ᠪᠣᠯᠲᠠᠯ᠎ᠠ᠂ ᠨᠡᠶᠢᠳᠡ 200 ᠭᠠᠷᠤᠢ ᠮᠠᠯᠴᠢᠨ ᠲᠠᠷᠢᠶᠠᠴᠢᠨ ᠪᠤᠯᠪᠠᠰᠤᠷᠠᠯ ᠳᠤ ᠤᠷᠤᠯᠴᠠᠭᠠᠳ᠂  ᠭᠡᠪ ᠪᠤᠯᠪᠠᠰᠤᠷᠠᠯ ᠢ ᠲᠡᠭᠡᠭᠰᠢᠯᠡᠬᠦᠯᠬᠦ ᠭᠠᠷ ᠠᠪᠤᠯᠭ᠎ᠠ  ᠪᠣᠯᠣᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠨᠣᠮ ᠪᠢᠴᠢᠭ 400 ᠭᠠᠷᠤᠢ ᠬᠤᠪᠢ᠂ ᠡᠯ᠎ᠡ ᠲᠦᠷᠦᠯ ᠤᠨ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ 600 ᠭᠠᠷᠤᠢ ᠬᠤᠪᠢ ᠶᠢ ᠲᠠᠷᠬᠠᠭᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号