3 ᠰᠠᠷ᠎ᠠ ᠶᠢᠨ 19 ᠤ ᠡᠳᠦᠷ᠂ ᠰᠤᠷᠪᠤᠯᠵᠢᠯᠠᠭᠴᠢ ᠶᠦᠩ ᠹᠧᠩ ᠪᠠᠯᠭᠠᠰᠤᠨ ᠤ ᠱᠠᠩ ᠫᠢ ᠹᠠᠩ | ᠲᠣᠰᠬᠤᠨ ᠳᠤ ᠬᠦᠷᠬᠦ ᠳᠤ ᠪᠠᠯᠭᠠᠰᠤᠨ ᠤ ᠠᠵᠢᠯᠲᠠᠳ ᠶᠠᠭ ᠲᠠᠷᠢᠶᠠᠴᠢᠨ ᠡᠷᠦᠬᠡ ᠶᠢᠨ ᠳᠤ ᠬᠦᠨᠵᠡᠬᠡᠶᠢᠷᠡᠵᠦ᠂ ︽ | ᠨᠢᠬᠡ ᠲᠡᠪᠳᠡᠷ ᠬᠥᠭᠵᠢᠯᠲᠡ ᠶᠢᠨ ᠳᠠᠩᠰᠠ︾ ᠪᠠ ︽ᠨᠢᠬᠡ ᠬᠠᠭᠤᠳᠠᠰᠤ ᠠᠷᠠᠳ ᠲᠤ ᠠᠰᠢᠭ ᠬᠦᠷᠲᠡᠭᠡᠬᠦ ᠲᠥᠷᠥ | ᠶᠢᠨ ᠪᠣᠳᠣᠯᠭ᠎ᠠ ᠶᠢᠨ ᠢᠯᠡ ᠺᠠᠷᠲ︾ ᠶᠢ ᠬᠦᠷᠭᠡᠬᠦ ᠶᠢᠨ ᠲᠠᠭᠠᠤ ᠲᠥᠷᠥ ᠶᠢᠨ ᠪᠣᠳᠣᠯᠭ᠎ᠠ ᠶᠢᠨ ᠪᠣᠳᠠᠲᠠᠢ | ᠠᠭᠤᠯᠭ᠎ᠠ᠂ ᠨᠥᠬᠦᠪᠦᠷᠢ ᠶᠢᠨ ᠪᠠᠷᠢᠮᠵᠢᠶ᠎ᠠ ᠪᠠ ᠣᠯᠭᠤᠬᠤ ᠠᠷᠭ᠎ᠠ ᠮᠠᠶ᠋ᠢᠭ ᠢ ᠲᠠᠶᠢᠯᠪᠤᠷᠢᠯᠠᠵᠤ ᠪᠠᠶᠢᠯ᠎ᠠ᠃ ︽ ᠡᠭᠡᠴᠢ | ᠠ᠋᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠦᠷᠢ ᠶᠢ ᠪᠣᠯ ᠡᠭᠡᠯᠵᠢᠯᠡᠨ ᠳᠠᠷᠢᠬᠤ ᠡᠷᠦᠬᠡ ᠳᠤ ᠤᠯᠭᠤᠨ᠎ᠠ | ᠰᠢᠦ᠂ ᠨᠥᠬᠦᠪᠦᠷᠢ ᠥᠭᠬᠦ ᠪᠠᠷᠢᠮᠵᠢᠶ᠎ᠠ ᠨᠢ ᠮᠤ᠋ ᠪᠦᠷᠢ ᠶᠢᠨ 150 ᠲᠥᠭᠦᠷᠢᠭ ᠁︾ ᠭᠡᠵᠦ ᠲᠠᠶᠢᠯᠪᠤᠷᠢᠯᠠᠬᠤ | ᠳᠤ᠂ ᠲᠤᠰᠬᠤᠨ ᠤ ᠠᠷᠠᠳ ᠴᠤ ᠰᠡᠳᠬᠢᠯ ᠲᠠᠯᠪᠢᠨ ᠰᠣᠨᠣᠰᠴᠤ᠂ ᠣᠶᠢᠯᠠᠭᠠᠵᠤ ᠮᠡᠳᠡᠯ᠎ᠡ ᠭᠡᠳᠡᠭ ᠢᠶᠠᠨ ᠲᠣᠯᠣᠭᠠᠢ | ᠳᠣᠬᠢᠵᠤ ᠢᠯᠡᠳᠭᠡᠨ᠎ᠡ᠃ ᠡᠶᠢᠮᠦᠷᠬᠦ ︽ᠨᠢᠭᠤᠷᠲᠠᠨ ᠶᠠᠷᠢᠯᠴᠠᠬᠤ︾ ᠠᠷᠭ᠎ᠠ ᠬᠡᠯᠪᠡᠷᠢ ᠨᠢ ᠲᠣᠰᠬᠤᠨ ᠤ ᠠᠷᠠᠳ ᠲᠤ | ᠲᠥᠷᠥ ᠶᠢᠨ ᠪᠣᠳᠣᠯᠭ᠎ᠠ ᠶᠢᠨ ᠨᠠᠷᠢᠨ ᠠᠭᠤᠯᠭ᠎ᠠ ᠶᠢ ᠰᠢᠭᠤᠳ ᠣᠶᠢᠯᠠᠭᠠᠭᠤᠯᠵᠤ᠂ ︽ᠨᠦᠬᠦᠪᠦᠷᠢ ᠮᠦᠩᠬᠦ | ᠬᠠᠮᠢᠭ᠎ᠠ ᠠᠴᠠ ᠢᠷᠡᠭᠰᠡᠨ᠂ ᠬᠠᠮᠢᠭ᠎ᠠ ᠤᠷᠤᠭᠰᠠᠨ᠂ ᠬᠡᠳᠦᠢ ᠤᠷᠤᠭᠰᠠᠨ︾ ᠭᠡᠳᠡᠭ ᠢ ᠲᠤᠳᠤᠷᠬᠠᠢ ᠮᠡᠳᠡᠭᠳᠡᠨ᠎ᠡ᠃ | ᠲᠣᠰᠬᠤᠨ ᠤ ᠠᠷᠠᠳ ᠶᠠᠩ ᠼᠦᠢ ᠫᠢᠩ᠄ ︽ᠥᠩᠭᠡᠷᠡᠭᠰᠡᠨ ᠳᠤ ᠡᠳᠡᠭᠡᠷ ᠠᠷᠠᠳ ᠲᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠶᠢ ᠠᠩᠬᠠᠷᠬᠤ ᠦᠭᠡᠢ ᠪᠠᠶᠢᠪᠠ᠂ ᠡᠳᠦᠭᠡ ᠪᠠᠯᠭᠠᠰᠤᠨ ᠤ ᠠᠵᠢᠯᠲᠠᠳ ᠤᠨ ᠨᠠᠷᠢᠨ | ᠲᠤᠳᠤᠷᠬᠠᠢ ᠲᠠᠶᠢᠯᠪᠤᠷᠢᠯᠠᠬᠤ ᠪᠠᠷ ᠲᠠᠮᠵᠢᠭᠠᠳ᠂ ᠥᠪᠡᠷ ᠤᠨ ᠢᠶᠠᠨ ᠶᠠᠮᠠᠷ ᠲᠦᠷᠦ ᠶᠢᠨ ᠪᠣᠳᠣᠯᠭ᠎ᠠ ᠶᠢ ᠬᠦᠷᠳᠡᠵᠦ | ᠪᠠᠶᠢᠬᠤ ᠶᠢ ᠮᠡᠳᠡᠯ᠎ᠡ ︾ ᠃ | ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ | ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ | ᠲᠠᠶᠢᠹᠤᠰᠧ ᠬᠤᠰᠢᠭᠤᠨ ᠤ ᠬᠢᠨ ᠨᠠᠮ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂︽ᠨᠢᠬᠡ ᠲᠡᠪᠳᠡᠷ | ᠬᠥᠭᠵᠢᠯᠲᠡ ᠶᠢᠨ ᠳᠠᠩᠰᠠ︾ ᠪᠠ ︽ᠨᠢᠬᠡ ᠬᠠᠭᠤᠳᠠᠰᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ | ᠶᠢᠨ ᠢᠯᠡ ᠺᠠᠷᠲ︾ ᠶᠢ ᠠᠶᠢᠯ ᠡᠷᠦᠬᠡ ᠳᠤ ᠲᠠᠷᠬᠠᠭᠠᠬᠤ ᠶᠢᠨ ᠬᠠᠮᠳᠤ ᠢᠳᠡᠪᠬᠢᠳᠡᠢ ᠤᠬᠠᠭᠤᠯᠤᠨ ᠲᠠᠶᠢᠯᠪᠤᠷᠢᠯᠠᠵᠤ᠂ | ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠵᠦ ᠪᠤᠢ᠃ ᠣᠲᠣ ᠪᠣᠯᠲᠠᠯ᠎ᠠ᠂ ᠲᠤᠰ ᠬᠤᠰᠢᠭᠤ ᠨᠢ ᠨᠡᠶᠢᠲᠡ 5000 ᠬᠤᠪᠢ ︽ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠢᠯᠡ ᠺᠠᠷᠲ︾ ᠢ ᠳᠠᠷᠤᠮᠠᠯᠯᠠᠵᠤ᠂ ᠺᠠᠷᠲ ᠶᠢᠨ ᠠᠭᠤᠯᠭ᠎ᠠ ᠳᠤ ᠨᠠᠭᠠᠲᠤ | ᠵᠠᠬ᠎ᠠ ᠶᠢᠨ ᠠᠮᠢᠳᠤᠷᠠᠯ ᠤᠨ ᠪᠠᠳᠤᠯᠠᠭᠠᠨ ᠤ ᠨᠥᠬᠦᠪᠦᠷᠢ᠂ ᠬᠦᠴᠢᠷᠳᠡᠯᠲᠡᠢ ᠬᠦᠮᠦᠰ ᠪᠠ ᠵᠡᠮᠳᠡᠭᠴᠦᠳ ᠤᠨ | ᠠᠮᠢᠳᠤᠷᠠᠯ ᠤᠨ ᠨᠥᠬᠦᠪᠦᠷᠢ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠮᠢᠳᠤᠯᠢᠭ ᠢᠶᠠᠷ ᠠᠵᠢᠯ ᠣᠯᠬᠤ | ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠪᠠᠭᠲᠠᠭᠠᠭᠰᠠᠨ 50 ᠲᠦᠷᠦᠯ ᠤᠨ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠨᠠᠷᠢᠨ ᠲᠣᠳᠣᠷᠬᠠᠢ ᠲᠡᠮᠳᠡᠭᠯᠡᠭᠰᠡᠨ ᠪᠠᠶᠢᠨ᠎ᠠ᠃ ᠡᠭᠦᠨ ᠤ ᠬᠠᠮᠲᠤ᠂ 60000 ᠳᠡᠪᠲᠡᠷ | ︽ᠬᠥᠭᠵᠢᠯᠲᠡ ᠶᠢᠨ ᠳᠠᠩᠰᠠ︾ ᠶᠢ ᠦᠢᠯᠡᠳᠦᠨ ᠲᠠᠷᠬᠠᠭᠠᠵᠤ᠂ ᠠᠮᠢᠳᠤᠯᠢᠭ ᠪᠤᠳᠠᠳᠠᠢ ᠲᠤᠭ᠎ᠠ ᠪᠠᠷᠢᠮᠲᠠ ᠪᠠᠷ ︽ | ᠵᠣᠯ ᠵᠢᠷᠭᠠᠯᠲᠤ ᠠᠮᠢᠳᠤᠷᠠᠯ ᠬᠠᠮᠢᠭ᠎ᠠ ᠠᠴᠠ ᠢᠷᠡᠭᠰᠡᠨ᠂ ᠪᠣᠳᠠᠲᠠᠢ ᠬᠦᠴᠢᠷᠳᠡᠯ ᠢ ᠨᠢ ᠬᠡᠨ ᠰᠢᠢᠳᠪᠦᠷᠢᠯᠡᠵᠦ | ᠥᠭᠭᠦᠭᠰᠡᠨ᠂ ᠵᠣᠯ ᠵᠢᠷᠭᠠᠯᠲᠤ ᠠᠮᠢᠳᠤᠷᠠᠯ ᠢ ᠬᠡᠨ ᠡᠬᠢᠯᠡᠭᠦᠯᠦᠭᠰᠡᠨ︾ ᠵᠡᠷᠭᠡ ᠶᠢ ᠤᠯᠠᠨ ᠲᠦᠮᠡᠨ ᠳᠤ ᠲᠣᠳᠣᠷᠬᠠᠢ | ᠶᠠᠷᠢᠵᠤ ᠮᠡᠳᠡᠬᠦᠯᠦᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠠᠵᠢᠯᠲᠠᠨ ᠶᠠᠩ ᠺᠦᠢ᠄ ︽ᠲᠠᠷᠠᠭᠠᠴᠢ ᠶᠢᠨ ᠠᠯᠬᠤᠮ ᠳᠤ ᠪᠢᠳᠡ ᠦᠷᠭᠦᠯᠵᠢᠯᠡᠨ ᠡᠷᠦᠬᠡ ᠳᠤ ᠬᠦᠨᠵᠡᠬᠡᠶᠢᠷᠡᠨ | ᠢᠯᠡ ᠺᠠᠷᠲ ᠶᠢ ᠲᠠᠷᠬᠠᠭᠠᠬᠤ ᠶᠢᠨ ᠲᠠᠭᠠᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠬᠢᠵᠦ᠂ ᠣᠯᠠᠨ | ᠲᠦᠮᠡᠨ ᠳᠤ ᠲᠥᠷᠥ ᠶᠢᠨ ᠪᠣᠳᠣᠯᠭ᠎ᠠ ᠶᠢ ᠨᠠᠩ ᠢᠯᠡᠭᠦᠦ ᠣᠶᠢᠯᠠᠭᠠᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ | ᠲᠦᠷᠦ ᠶᠢᠨ ᠪᠣᠳᠣᠯᠭ᠎ᠠ ᠶᠢ ᠤᠯᠠᠨ ᠲᠦᠮᠡᠨ ᠤ ᠰᠡᠳᠬᠢᠯ ᠳᠤ ᠬᠦᠷᠭᠡᠵᠦ᠂ ᠤᠯᠠᠨ ᠲᠦᠮᠡᠨ ᠳᠤ ᠨᠡᠩ ᠰᠠᠶᠢᠨ | ᠦᠢᠯᠡᠴᠢᠯᠡᠨ᠂ ᠤᠯᠠᠨ ᠲᠦᠮᠡᠨ ᠤ ᠠᠵᠠ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ︾᠃ | |