ᠲᠠᠶᠢᠹᠤᠰᠧ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠷᠯᠠᠯ
ᠨᠡᠶᠢᠲᠡᠯᠡᠭᠰᠡᠨ ᠴᠠᠭ᠄
2024/3/21
   ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠨ ᠬᠢᠵᠦ᠂ ᠠᠮᠢ ᠠᠬᠤᠢ ᠶᠢ ᠪᠦᠳᠦᠮᠵᠢᠳᠡᠢ ᠬᠠᠮᠠᠭᠠᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ᠂ ᠡᠳᠦᠭᠡ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄     ᠨᠢᠭᠡ᠂ ᠭᠠᠯ ᠰᠡᠷᠭᠡᠶᠢᠯᠡᠬᠦ ᠴᠠᠭ ᠬᠤᠭᠤᠴᠠᠭ᠎ᠠ᠄ 2024 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠃    ᠬᠤᠶᠠᠷ᠂ ᠭᠠᠯ ᠰᠡᠷᠭᠡᠶᠢᠯᠡᠬᠦ ᠬᠦᠷᠢᠶ᠎ᠡ ᠬᠡᠪᠴᠢᠶ᠎ᠡ᠄ ᠡᠯ᠎ᠡ ᠰᠤᠮᠤ ᠰᠢᠶᠠᠩ ᠪᠠᠯᠭᠠᠰᠤᠨ ᠤ ᠨᠤᠭᠤᠭᠠᠷᠠᠭᠤᠯᠤᠯᠳᠠ  ᠶᠢᠨ ᠢᠨᠵᠧᠨᠧᠷᠢᠩ ᠤᠨ ᠤᠷᠤᠨ᠂ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠤᠨ ᠤᠷᠤᠨ᠂ ᠨᠡᠶᠢᠲᠡ ᠶᠢᠨ ᠠᠰᠠᠷᠠᠮᠵᠢ ᠶᠢᠨ ᠤᠢ ᠮᠤᠳᠤ᠂ ᠨᠤᠳᠤᠭ ᠪᠡᠯᠴᠢᠭᠡᠷ ᠵᠢᠴᠢ ᠨᠤᠳᠤᠭ ᠪᠡᠯᠴᠢᠭᠡᠷ ᠣᠶ ᠰᠢᠭᠤᠢ ᠳᠤ ᠬᠤᠯᠪᠤᠭᠳᠠᠭᠰᠠᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ᠃    ᠭᠤᠷᠪᠠ᠂ ᠭᠠᠯ ᠰᠡᠷᠭᠡᠶᠢᠯᠡᠬᠦ ᠱᠠᠭᠠᠷᠳᠠᠯᠭ᠎ᠠ᠄  ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠫᠤᠤᠵᠢᠩ ᠲᠠᠯᠪᠢᠬᠤ᠂ ᠳᠤᠷ᠎ᠠ ᠪᠠᠷ ᠢᠶᠠᠨ ᠡᠪᠡᠰᠦ ᠲᠠᠷᠢᠶ᠎ᠠ ᠡᠰᠢ ᠰᠦᠷᠡᠯ ᠰᠢᠲᠠᠭᠠᠬᠤ ᠵᠢᠴᠢ ᠬᠡᠭᠡᠷ᠎ᠡ ᠭᠠᠳᠠᠨ᠎ᠠ ᠭᠠᠯ ᠬᠡᠷᠡᠭᠯᠡᠬᠦ  ᠪᠤᠰᠤᠳ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠠᠵᠢᠯᠯᠠᠬᠤ ᠨᠢᠭᠡᠴᠡ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠯ ᠤᠨ ᠠᠶᠤᠯ ᠤᠨ ᠳᠠᠯᠳᠠ ᠬᠡᠮ ᠢ ᠠᠷᠢᠯᠭᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠰᠠᠶᠢᠨ ᠬᠢᠬᠦ ᠬᠡᠷᠡᠭᠲᠡᠢ᠃      ᠳᠥᠷᠪᠡ᠂ ᠰᠤᠮᠤ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ    ︵ᠨᠢᠭᠡ︶ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠬᠠᠨᠳᠤᠯᠭᠠᠳᠤ ᠴᠢᠨᠠᠷ ᠪᠠ  ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠳᠠᠪᠲᠠᠮᠵᠢ ᠪᠠ ᠥᠷᠭᠡᠴᠡ ᠶᠢ ᠨᠡᠮᠡᠭᠳᠡᠭᠦᠯᠵᠦ᠂ ᠪᠥᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠢ᠃    ︵ᠬᠤᠶᠠᠷ︶ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠬᠤ ᠪᠠ ᠲᠡᠭᠦᠯᠳᠡᠷᠵᠢᠭᠦᠯᠵᠦ᠂ ᠣᠶ ᠰᠢᠭᠤᠢ ᠨᠤᠳᠤᠭ ᠪᠡᠯᠴᠢᠭᠡᠷ ᠬᠠᠮᠠᠭᠠᠯᠠᠬᠤ ᠠᠵᠢᠯᠳᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠷᠠᠯᠲᠠ ᠪᠠᠨ ᠲᠣᠳᠣᠷᠬᠠᠶᠢᠯᠠᠵᠤ᠂ ᠡᠭᠦᠷᠭᠡ ᠪᠠᠨ ᠬᠤᠪᠢᠶᠠᠷᠢᠯᠠᠨ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠢ᠃      ︵ᠭᠤᠷᠪᠠ︶ ᠴᠠᠭᠳᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠭᠠᠯ ᠤᠨ ᠠᠶᠤᠯ ᠤᠨ ᠲᠠᠯᠳᠠ ᠭᠡᠮ ᠢ ᠠᠷᠢᠯᠭᠠᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠴᠠᠭᠳᠠᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ  ᠂ ᠠᠵᠢᠯᠳᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠭᠠᠯ ᠤᠨ ᠠᠶᠤᠯ ᠤᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠨ᠂ ᠣᠨᠴᠣᠭᠤᠢ ᠬᠥᠮᠥᠰ ᠪᠠ ᠬᠤᠲᠠ ᠶᠢᠨ ᠲᠡᠭᠦᠷᠭᠡ ᠳᠤ ᠵᠢᠭᠤᠯᠴᠢᠯᠠᠭᠰᠠᠳ ᠤᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃    ︵ᠳᠥᠷᠪᠡ︶ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠴᠢᠮᠡᠭᠡ ᠬᠤᠯᠪᠤᠭᠠᠨ ᠤ ᠰᠠᠭᠠᠳ ᠦᠭᠡᠢ ᠨᠡᠪᠲᠡᠷᠡᠬᠦ ᠶᠢ ᠪᠠᠳᠤᠯᠠᠨ᠎ᠠ᠃ ᠡᠯ᠎ᠡ ᠰᠤᠮᠤ ᠰᠢᠶᠠᠩ ᠪᠠᠯᠭᠠᠰᠤ ᠨᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠠᠴᠠ ᠪᠠᠨ ᠰᠠᠯᠬᠤ ᠪᠤᠶᠤ ᠬᠤᠴᠣᠷᠬᠤ ᠶᠢ ᠡᠷᠡᠰ ᠴᠡᠭᠡᠷᠯᠡᠨ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃     ᠲᠠᠪᠤ᠂ ᠶᠠᠮᠠᠷᠪᠠ ᠨᠢᠭᠡᠴᠡ ᠪᠠ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ  ᠲᠦᠷᠢᠮ ᠲᠣᠭᠲᠠᠭᠠᠯ ᠠᠴᠠ ᠵᠥᠷᠢᠴᠡᠵᠦ᠂ ᠭᠠᠯ ᠲᠠᠯᠪᠢᠵᠤ ᠬᠤᠬᠢᠷᠠᠯ ᠤᠴᠠᠷᠠᠭᠤᠯᠤᠭᠰᠠᠨ ᠪᠤᠯ ᠬᠠᠮᠢᠶ᠎ᠠ ᠪᠦᠬᠦᠢ ᠬᠠᠤᠯᠢ ᠲᠦᠷᠢᠮ  ᠶᠤᠰᠤᠭᠠᠷ  ᠴᠢᠩᠭ᠎ᠠ ᠰᠢᠳᠬᠡᠨ᠎ᠡ  ᠃     ᠵᠢᠷᠭᠤᠭ᠎ᠠ᠂ ᠪᠥᠬᠦ ᠬᠤᠰᠢᠭᠤᠨ ᠤ ᠺᠠᠳ᠋ᠷ ᠠᠷᠠᠳ ᠬᠦᠮᠦᠨ ᠨᠢᠬᠡᠪᠦᠷᠢ ᠭᠠᠯ ᠲᠦᠢᠮᠡᠷ ᠤᠨ ᠬᠤᠣᠷ ᠬᠥᠨᠥᠭᠡᠯᠳᠦ ᠴᠢᠨᠠᠷ ᠪᠠ ᠬᠦᠨᠳᠦ ᠨᠣᠴᠢᠲᠠᠢ ᠴᠢᠨᠠᠷ ᠢ ᠭᠦᠢᠴᠡᠳ ᠲᠠᠨᠢᠵᠤ᠂ ︽ᠭᠠᠯ ᠰᠡᠷᠭᠡᠶᠢᠯᠡᠬᠦ ᠠᠵᠢᠯ ᠳᠤ ᠬᠥᠮᠥᠨ ᠪᠣᠯᠭᠠᠨ ᠬᠠᠷᠢᠭᠤᠴᠠᠯᠭ᠎ᠠ ᠡᠬᠦᠷᠭᠡᠯᠡᠬᠦ︾ ᠪᠠ ︽ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ︾ ᠤᠬᠠᠮᠰᠠᠷ ᠢᠶᠠᠨ ᠳᠡᠭᠡᠭᠰᠢᠯᠡᠭᠦᠯᠵᠦ᠂ ᠬᠠᠷᠢᠯᠴᠠᠨ ᠬᠢᠨᠠᠯᠲᠠ ᠲᠠᠯᠪᠢᠵᠤ᠂  ᠲᠦᠷᠢᠮ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠨ᠂ ᠭᠠᠯ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠯᠴᠠᠵᠤ ᠭᠠᠯ ᠢ ᠤᠨᠲᠠᠷᠠᠭᠠᠬᠤ ᠬᠡᠷᠡᠭᠲᠡᠢ᠃     ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠳᠠᠷᠠᠭᠠᠬᠤ ᠤᠲᠠᠰᠤ᠄ 12119     ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠄ 0479 ︱ 5238277     ᠲᠠᠶᠢᠹᠤᠰᠧ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0479 ︱ 5222413     ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ 119     ᠲᠠᠶᠢᠹᠤᠰᠧ ᠬᠤᠰᠢᠭᠤᠨ ᠤ  ᠬᠦᠨᠪᠤᠯᠠᠭ ᠰᠤᠮᠤ᠄ 0479 ︱ 5887015     ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤ᠄ 0479 ︱ 5222227     ᠲᠠᠶᠢᠹᠤᠰᠧ ᠬᠤᠰᠢᠭᠤᠨ ᠤ ᠴᠢᠶᠠᠨ ᠶᠢᠨ ᠭᠧᠦ ᠪᠠᠯᠭᠠᠰᠤ᠄ 0479 ︱ 2265514     ᠲᠠᠶᠢᠹᠤᠰᠧ ᠬᠤᠰᠢᠭᠤᠨ ᠤ ᠬᠤᠩ ᠴᠢ ᠪᠠᠯᠭᠠᠰᠤ᠄ 0479 ︱ 5823064     ᠲᠠᠶᠢᠹᠦᠰᠧ ᠬᠤᠰᠢᠭᠤᠨ ᠤ ᠯᠦᠸᠧ ᠲᠦᠸᠧ ᠱᠠᠨ ᠪᠠᠯᠭᠠᠰᠤ᠄ 0479 ︱ 5855017     ᠲᠠᠶᠢᠹᠤᠰᠧ ᠬᠤᠰᠢᠭᠤᠨ ᠤ ᠶᠦᠩ ᠹᠧᠩ ᠪᠠᠯᠭᠠᠰᠤ᠄ 0479 ︱ 2265107     ᠲᠠᠶᠢᠹᠤᠰᠧ ᠬᠤᠰᠢᠭᠤᠨ ᠤ ᠰᠢᠩ ᠹᠦ᠋ ᠰᠢᠶᠠᠩ᠄ 0479 ︱ 5899968                                         ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ                ᠭᠠᠯ   ᠰᠡᠷᠭᠡᠶᠢᠯᠡᠬᠦ   ᠠᠵᠢᠯ   ᠤᠨ   ᠵᠢᠯᠤᠭᠤᠳᠬᠤ   ᠭᠠᠵᠠᠷ                                                                            2024 ᠣᠨ ᠤ 3 ᠰᠠᠷ᠎ᠠ ᠶᠢᠨ 14 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号