ᠲᠠᠶᠢᠹᠤᠰᠧ ᠬᠤᠰᠢᠭᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/22
   3 ᠰᠠᠷ᠎ᠠ ᠶᠢᠨ 21᠎ ᠤ ᠡᠳᠦᠷ᠂ ᠲᠠᠶᠢᠹᠤᠰᠧ ᠬᠤᠰᠢᠭᠤ 2024 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂  ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠳᠠᠷᠤᠭ᠎ᠠ ᠸᠠᠩ ᠵᠢᠦᠢ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠲᠤᠳᠤᠭᠠᠳᠤ ᠶᠢ ᠬᠠᠮᠠᠭᠠᠯᠠᠬᠤ ᠰᠢᠰᠲ᠋ᠧᠮ ᠤᠨ ᠪᠥᠬᠦ ᠴᠠᠭᠳᠠᠭ᠎ᠠ ᠠᠵᠢᠯᠳᠠᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠸᠠᠩ ᠵᠢᠦᠢ ᠰᠢ  ᠎ ᠠᠴᠠ ᠳᠣᠲᠣᠭᠠᠳᠤ ᠶᠢ ᠬᠠᠮᠠᠭᠠᠯᠠᠬᠤ ᠠᠵᠢᠯ ᠤᠨ ᠮᠡᠳᠡᠭᠦᠯᠦᠯᠲᠡ ᠬᠢᠵᠦ᠂ 2023 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠯᠣᠭᠰᠠᠨ ᠠᠮᠵᠢᠯᠲᠠ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠲᠤᠳᠠᠭᠳᠠᠯ ᠢ ᠪᠥᠬᠦ ᠲᠠᠯ᠎ᠠ ᠪᠠᠷ ᠳ᠋ᠦᠩᠨᠡᠨ᠂ ᠣᠳᠣᠬᠠᠨ ᠤ ᠪᠠᠶᠢᠳᠠᠯ ᠪᠠ ᠡᠭᠦᠷᠭᠡ ᠶᠢ ᠭᠦᠨᠵᠡᠭᠡᠢ ᠵᠠᠳᠠᠯᠤᠭᠰᠠᠨ ᠪᠦᠭᠡᠳ 2024 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠳᠤ ᠨᠠᠷᠢᠨ ᠨᠢᠬᠳᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠸᠠᠩ ᠵᠢᠦᠢ ᠰᠢ ᠶᠠᠷᠢᠶᠠᠨ ᠳᠠᠭᠠᠨ᠂ ᠪᠥᠬᠦ ᠴᠠᠭᠳᠠᠭ᠎ᠠ ᠠᠵᠢᠯᠳᠠᠳ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠶᠡᠭᠡ ᠲᠠᠯ᠎ᠠ ᠳᠤ ᠦᠢᠯᠡᠴᠢᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠢᠯᠡᠳᠦᠯ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠨᠠᠩ ᠣᠷᠭᠢᠯᠤᠮ᠎ᠠ ᠬᠠᠯᠠᠭᠤᠨ ᠤᠷᠮ᠎ᠠ ᠰᠡᠳᠬᠢᠯᠭᠡ ᠪᠠ ᠨᠠᠩ ᠯᠠᠪᠳᠠᠭᠤᠨ ᠪᠠᠲᠤᠲᠠᠢ ᠤᠪᠤᠷ ᠰᠤᠷᠲᠠᠯ ᠢᠶᠠᠷ ᠡᠯ᠎ᠡ ᠲᠦᠷᠦᠯ ᠤᠨ ᠠᠵᠢᠯ ᠢᠶᠠᠨ ᠪᠥᠬᠦ ᠬᠦᠴᠦᠨ ᠢᠶᠠᠷ ᠰᠠᠶᠢᠨ ᠬᠢᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠦᠴᠦᠨ ᠴᠢᠳᠠᠯ ᠢᠶᠠᠨ ᠡᠷᠭᠦᠵᠦ᠂ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ  ᠡᠬᠦᠷᠭᠡ ᠬᠠᠷᠢᠭᠤᠴᠠᠯᠭ᠎ᠠ ᠪᠠᠨ ᠢᠯᠡᠷᠡᠭᠦᠯᠬᠦ  ᠭᠡᠷᠡᠭᠳᠡᠢ ᠬᠡᠵᠦ ᠱᠠᠭᠠᠷᠳᠠᠪᠠ᠃ ᠬᠤᠷᠠᠯ ᠳᠡᠭᠡᠷ᠎ᠡ ᠪᠠᠰᠠ 2023 ᠣᠨ ᠤ ᠵᠢᠱᠢᠶᠡᠴᠢ ᠰᠠᠶᠢᠴᠤᠤᠯ ᠢ ᠰᠠᠶᠢᠰᠢᠶᠠᠨ ᠬᠦᠬᠢᠬᠦᠯᠬᠦ ᠲᠤᠭᠳᠠᠭᠠᠯ᠂  2023 ᠤᠨ ᠤ ᠠᠵᠢᠯ ᠤᠨ ᠪᠦᠳᠦᠮᠵᠢ ᠶᠢ ᠬᠢᠨᠠᠨ ᠰᠢᠯᠭᠠᠭᠰᠠᠨ ᠪᠠᠶᠢᠳᠠᠯ ᠵᠡᠷᠭᠡ ᠶᠢ ᠨᠡᠶᠢᠳᠡᠯᠡᠨ ᠮᠡᠳᠡᠭᠳᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号