ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠲᠠᠶᠢᠹᠦᠰᠧ ᠬᠤᠰᠢᠭᠤᠨ ᠳᠤ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/3/22
   3 ᠰᠠᠷ᠎ᠠ ᠶᠢᠨ 21᠎ ᠤ ᠡᠳᠦᠷ᠂ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠎ ᠤ  ᠨᠢᠭᠡᠨ ᠠᠭᠤᠯᠭ᠎ᠠ ᠪᠤᠯᠬᠤ ︽ᠱᠦᠵᠢ ᠨᠢ ᠱᠦᠵᠢ ᠳᠡᠭᠡᠨ ᠬᠢᠴᠢᠶᠡᠯ ᠤᠷᠤᠬᠤ︾  ᠠᠶᠢᠮᠠᠭ ᠤᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠲᠠᠶᠢᠹᠤᠰᠧ ᠬᠤᠰᠢᠭᠤᠨ ᠳᠤ ᠤᠬᠠᠭᠤᠯᠭ᠎ᠠ ᠲᠠᠶᠢᠯᠤᠮᠵᠢ ᠬᠢᠵᠡᠢ᠃ ᠪᠥᠬᠦ ᠬᠤᠰᠢᠭᠤᠨ ᠤ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠎ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠤᠬᠠᠭᠤᠯᠭ᠎ᠠ ᠲᠠᠶᠢᠯᠤᠮᠵᠢ ᠶᠢ ᠰᠣᠨᠣᠰᠪᠠ᠃ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤ ᠶᠢᠨ ᠬᠤᠶᠠᠷᠪᠤᠮᠪᠠ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠤᠷᠢᠬᠠᠨ᠂ ᠲᠤᠯᠤᠨ ᠨᠤᠤᠷ ᠰᠢᠶᠠᠨ ᠤ ᠲᠤᠯᠤᠨ ᠨᠠᠭᠤᠷ ᠪᠠᠯᠭᠠᠰᠤ ᠶᠢᠨ ᠱᠤᠸᠠᠩ ᠵᠢᠩ ᠽᠢ ᠲᠣᠰᠬᠤᠨ ᠤ ᠨᠠᠮ ᠤᠨ ᠡᠭᠦᠷ ᠤᠨ ᠱᠦᠵᠢ ᠵᠠᠩ ᠢᠦᠢ ᠹᠠ᠂  ᠲᠠᠶᠢᠹᠤᠰᠧ ᠬᠤᠰᠢᠭᠤᠨ ᠤ ᠪᠣᠣᠴᠠᠩ ᠪᠠᠯᠭᠠᠰᠤ ᠶᠢᠨ ᠪᠢᠶᠠᠨ ᠴᠢᠶᠠᠩ ᠲᠣᠰᠬᠤᠨ ᠤ ᠨᠠᠮ ᠤᠨ ᠡᠭᠦᠷ ᠤᠨ ᠱᠦᠵᠢ ᠸᠠᠩ ᠸᠧᠨ ᠴᠧᠩ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ︽ᠪᠡᠶ᠎ᠡ ᠪᠠᠷ ᠢᠶᠠᠨ ᠦᠩᠭᠡᠷᠡᠬᠦᠯᠦᠭᠰᠡᠨ᠂  ᠨᠢᠳᠦ ᠪᠠᠷ ᠢᠶᠠᠨ ᠭᠡᠷᠡᠴᠢᠯᠡᠭᠰᠡᠨ᠂ ᠬᠠᠮᠲᠤ ᠪᠠᠷ ᠢᠶᠠᠨ ᠡᠳ᠋ᠯᠡᠭᠰᠡᠨ︾᠎  ᠲᠤᠬᠠᠢ ᠶᠢᠨ ᠬᠦᠮᠦᠨ ᠤ ᠬᠤᠪᠢ ᠪᠠᠷ ᠬᠥᠭᠵᠢᠯᠲᠡ ᠶᠢᠨ ᠪᠣᠳᠠᠲᠤ ᠶᠠᠪᠤᠳᠠᠯ ᠪᠠ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ︾᠂   ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠪᠣᠯᠣᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠭᠠᠷᠤᠭᠰᠠᠨ ᠯᠤᠲᠤ ᠶᠡᠭᠡ  ᠬᠦᠭᠵᠢᠯᠳᠡ ᠬᠤᠪᠢᠷᠠᠯᠲᠠ ᠶᠢ ᠶᠠᠷᠢᠵᠤ᠂   ᠬᠤᠷᠠᠯ ᠳᠤ ᠤᠷᠤᠯᠴᠠᠭᠰᠠᠳ ᠲᠤ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ  ᠦᠨᠡᠨᠬᠦ ᠮᠡᠳᠡᠷᠡᠬᠦᠯᠦᠨ᠂  ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠤᠷᠤᠭᠰᠢᠯᠠᠬᠤ︾᠎ ᠶᠢ ᠬᠥᠮᠥᠰ ᠤᠨ ᠴᠡᠭᠡᠵᠢᠨ ᠳᠤ ᠰᠠᠭᠤᠭᠳᠠᠭᠤᠯᠵᠤ ᠰᠡᠳᠬᠢᠯ ᠳᠤ ᠬᠠᠳᠠᠩᠰᠢᠭᠤᠯᠤᠭᠰᠠᠨ ᠪᠠᠶᠢᠨ᠎ᠠ᠃  ᠡᠨᠡ ᠤᠳᠠᠭᠠᠨ ᠤ ᠤᠬᠠᠭᠤᠯᠭ᠎ᠠ ᠲᠠᠶᠢᠯᠤᠮᠵᠢ ᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠠᠭᠠᠭᠤᠯᠵᠤ ᠰᠤᠷᠤᠯᠴᠠᠬᠤ︾ ᠦᠢᠯᠡᠳᠦᠯ ᠢ ᠪᠠᠳᠠᠷᠠᠭᠤᠯᠤᠨ ᠂ ︽ᠱᠦᠵᠢ ᠨᠢ ᠱᠦᠵᠢ ᠳᠡᠭᠡᠨ ᠬᠢᠴᠢᠶᠡᠯ ᠤᠷᠤᠬᠤ︾  ᠂ ︽ᠱᠦᠵᠢ ᠨᠢ ᠱᠦᠵᠢ ᠪᠠᠨ ᠳᠠᠭᠠᠵᠤ ᠰᠤᠷᠤᠯᠴᠠᠬᠤ︾ ᠎ ᠪᠠᠷ ᠲᠠᠮᠵᠢᠭᠠᠳ᠂  ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ   ᠪᠤᠳᠠᠳᠠᠶᠢᠵᠢᠬᠤ ᠪᠠ ᠭᠦᠨᠵᠡᠭᠡᠶᠢᠷᠡᠬᠦ ᠶᠢ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠳᠦᠰᠦᠨ ᠱᠠᠲᠤᠨ ᠤ ᠠᠵᠢᠯ ᠢ ᠠᠬᠢᠭᠤᠯᠬᠤ ᠬᠦᠳᠡᠯᠬᠡᠬᠦᠷ ᠪᠤᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠤᠯᠠᠮ ᠰᠠᠶᠢᠨ ᠪᠠᠳᠠᠷᠠᠭᠤᠯᠬᠤ ᠳᠤ ᠬᠦᠴᠦᠨ ᠨᠡᠮᠡᠷᠢᠯᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号