︽ᠦᠨᠳᠦᠰᠦᠲᠡᠨ ᠤ ᠪᠦᠯᠬᠦᠮᠳᠡᠯ +︾ ᠬᠡᠯᠪᠡᠷᠢ ᠪᠠᠷ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠰᠢᠨ᠎ᠡ ᠪᠠᠶᠢᠳᠠᠯ ᠢ ᠡᠬᠦᠳᠦᠨ᠎ᠡ
ᠨᠡᠶᠢᠲᠡᠯᠡᠭᠰᠡᠨ ᠴᠠᠭ᠄
2024/3/25
    ᠣᠶᠢᠷ᠎ᠠ ᠶᠢᠨ ᠵᠢᠯ ᠳᠤ᠂  ᠯᠦᠸᠧ ᠲᠦᠸᠧ ᠱᠠᠨ ᠪᠠᠯᠭᠠᠰᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠥᠨᠳᠥᠷ ᠪᠠᠶᠢᠷᠢ ᠠᠴᠠ ᠲᠥᠯᠥᠪᠯᠡᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠨᠠᠭᠰᠢᠳᠠ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ︽ᠠᠨᠠᠷ ᠤᠨ ᠮᠣᠳᠣ︾᠎ ᠶᠢ  ᠯᠦᠸᠧ ᠲᠦᠸᠧ ᠱᠠᠨ ᠪᠠᠯᠭᠠᠰᠤᠨ ᠳᠠᠭᠠᠨ ︽ᠴᠡᠴᠡᠭᠯᠡᠬᠦᠯᠦᠨ ᠵᠢᠮᠢᠰᠯᠡᠬᠦᠯᠵᠦ︾ ᠪᠠᠶᠢᠨ᠎ᠠ᠃     ︽ᠦᠨᠳᠦᠰᠦᠲᠡᠨ ᠤ ᠪᠦᠯᠬᠦᠮᠳᠡᠯ + ᠨᠠᠮ ᠤᠨ ᠪᠠᠶᠢᠭᠤᠯᠤᠯᠲᠠ︾᠎ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠰᠡᠳᠬᠢᠯ ᠤᠨ ᠠᠶᠠᠰ︾᠎ ᠢ  ᠪᠢᠴᠢᠭᠯᠡᠨ᠎ᠡ᠃ ᠯᠦᠸᠧ ᠲᠦᠸᠧ ᠱᠠᠨ ᠪᠠᠯᠭᠠᠰᠤ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠤᠯᠠᠨ ᠲᠦᠮᠡᠨ ᠳᠤ ᠦᠢᠯᠡᠴᠢᠯᠡᠬᠦ ᠪᠠᠷ ᠭᠤᠤᠯᠳᠠᠯᠭ᠎ᠠ ᠪᠣᠯᠭᠠᠨ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ + ᠦᠨᠳᠦᠰᠦᠲᠡᠨ ᠤ ᠪᠦᠯᠬᠦᠮᠳᠡᠯ︾᠎ ᠤᠨ ᠰᠢᠨ᠎ᠡ ᠵᠠᠭᠪᠤᠷ ᠢ ᠭᠦᠨᠵᠡᠭᠡᠢ ᠬᠠᠶᠢᠵᠤ ᠢᠷᠡᠵᠡᠢ᠃ ︽ᠬᠤᠶᠠᠷ ᠲᠠᠨᠢᠯᠴᠠᠭᠤᠯᠭ᠎ᠠ ᠨᠢᠭᠡ ᠰᠤᠩᠭᠤᠭᠤᠯᠢ︾  ᠎ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰᠬᠤᠨ ᠤ ︽ᠬᠤᠶᠠᠷ ᠵᠥᠪᠯᠡᠯ︾᠎ ᠤᠨ ᠪᠠᠭ ᠢ ᠰᠢᠯᠢᠳᠡᠭᠵᠢᠬᠦᠯᠦᠨ ᠲᠣᠬᠢᠷᠠᠭᠤᠯᠵᠤ᠂ ᠨᠠᠮᠴᠢ ᠴᠢᠨᠠᠷ ᠢᠶᠠᠷ ᠴᠢᠩᠭ᠎ᠠ᠂ ᠣᠪᠣᠷ ᠰᠤᠷᠲᠠᠯ ᠢᠶᠠᠷ ᠰᠠᠶᠢᠨ᠂ ᠴᠢᠳᠠᠪᠤᠷᠢ ᠲᠠᠢ ᠴᠥᠭᠡᠨ ᠲᠣᠭᠠᠲᠤ ᠦᠨᠳᠦᠰᠦᠲᠡᠨ ᠤ ᠳᠠᠭᠠᠭᠤᠯᠤᠭᠴᠢ ᠶᠢ ᠲᠣᠰᠬᠤᠨ ᠤ ︽ᠬᠤᠶᠠᠷ ᠵᠥᠪᠯᠡᠯ︾᠎ ᠳᠤ ᠰᠤᠩᠭᠤᠨ ᠤᠷᠤᠭᠤᠯᠵᠤ  ᠂ ᠦᠨᠳᠦᠰᠦᠨ ᠱᠠᠳᠤᠨ ᠤ ᠤᠳᠤᠷᠢᠳᠬᠤ ᠪᠠᠭ ᠢ ᠴᠡᠨᠡᠭᠯᠡᠨ ᠲᠡᠬᠦᠯᠳᠡᠷᠵᠢᠬᠦᠯᠦᠭᠰᠡᠨ ᠪᠠᠶᠢᠨ᠎ᠠ᠃ ︽ᠨᠢᠭᠡ  ᠭᠠᠴᠠᠭ᠎ᠠ ᠲᠣᠰᠬᠤᠨ ᠳᠤ ᠨᠢᠭᠡ ᠠᠷᠭ᠎ᠠ ᠪᠣᠳᠣᠯᠭ᠎ᠠ ᠠᠪᠬᠤ︾  ᠎ ᠶᠢ ᠪᠠᠷᠢᠮᠳᠠᠯᠠᠨ᠂  19 ᠲᠣᠰᠬᠤᠨ ᠢ ︽ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ︾᠂ ︽ᠯᠥᠸᠧ ᠲᠦᠸᠧ ᠱᠠᠨ ᠤ ᠤᠨᠴᠠ ᠭᠠᠷᠤᠯᠳᠠ︾ ︽ ᠵᠠᠩ ᠹᠠᠩ ᠱᠠᠨ ᠤ ᠰᠤᠳᠤᠨ ᠪᠦᠲᠦᠭᠡᠭᠳᠡᠬᠦᠨ︾ ᠵᠡᠷᠭᠡ ᠥᠪᠡᠷᠮᠢᠴᠡ ᠣᠨᠴᠠᠯᠢᠭ ᠲᠠᠢ ᠨᠠᠷᠠᠲᠤ ᠲᠡᠮᠳᠡᠭ ᠢ ᠡᠬᠦᠳᠦᠭᠡᠳ᠂ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠯᠭ᠎ᠠ ᠪᠠᠨ  ᠨᠡᠮᠡᠭᠳᠡᠬᠦᠯᠵᠦ ᠪᠠᠶᠠᠵᠢᠨ ᠴᠢᠨᠡᠭᠡᠯᠢᠭᠵᠢᠬᠦ ᠶᠢ ᠲᠠᠶᠢᠴᠢᠯᠠᠵᠠᠢ᠃ ᠢᠩᠬᠢᠭᠰᠡᠨ ᠢᠶᠠᠷ᠂ 2022 ᠣᠨ ᠳᠤ ᠪᠠᠯᠭᠠᠰᠤᠨ ᠤ ᠨᠠᠮ ᠤᠨ ᠬᠤᠷᠢᠶ᠎ᠠ ᠨᠢ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ︾᠎ ᠶᠢᠨ ᠢᠷᠠᠭᠤ ᠠᠯᠳᠠᠷ ᠢ ᠬᠦᠷᠳᠡᠭᠰᠡᠨ ᠶᠤᠮ᠃     ︽ᠦᠨᠳᠦᠰᠦᠲᠡᠨ ᠤ ᠪᠦᠯᠬᠦᠮᠳᠡᠯ + ᠤᠶᠤᠨ ᠤ ᠪᠣᠯᠪᠠᠰᠤᠨ ᠤ ᠪᠠᠶᠢᠭᠤᠯᠤᠯᠲᠠ︾  ᠎ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠢᠵᠢᠯ ᠲᠥᠪᠲᠦ ᠲᠣᠭᠤᠷᠢᠭ︾᠎ ᠢ ᠵᠢᠷᠤᠭᠯᠠᠨ᠎ᠠ᠃  ᠯᠦᠸᠧ ᠲᠦᠸᠧ ᠱᠠᠨ ᠪᠠᠯᠭᠠᠰᠤ ᠪᠤᠯ  ᠬᠢᠳᠠᠳ  ᠂ ᠮᠣᠩᠭᠤᠯ  ᠂ ᠮᠠᠨᠵᠤ  ᠂ ᠬᠤᠲᠣᠩ᠂ ᠱᠦᠢ  ᠂  ᠵᠤᠸᠠᠩ᠂ ᠲᠦᠵᠢᠶᠠ᠂ ᠳᠠᠭᠤᠷ᠂ ᠯᠢᠰᠦ ᠵᠡᠷᠭᠡ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠪᠣᠯᠣᠨ᠎ᠠ᠃ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠭᠦᠨᠵᠡᠭᠡᠶᠢᠷᠡᠭᠦᠯᠬᠦ ᠶᠢᠨ ᠲᠥᠯᠥᠭᠡ  ᠲᠤᠰ ᠪᠠᠯᠭᠠᠰᠤ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠭᠠᠷᠳᠠᠴᠠ ᠪᠤᠯᠭᠠᠨ᠂ ᠤᠯᠠᠨ ᠲᠦᠮᠡᠨ ᠤ ᠳᠤᠮᠳᠠ ᠬᠦᠨᠵᠡᠬᠡᠶᠢᠷᠡᠵᠦ ᠦᠨᠳᠦᠰᠦᠲᠡᠨ ᠤ ᠪᠦᠯᠬᠦᠮᠳᠡᠯ᠂ ᠵᠠᠩ ᠳᠠᠳᠬᠠᠯ ᠤᠨ ᠦᠬᠡᠷᠡᠴᠢᠯᠡᠯᠳᠡ ᠵᠡᠷᠭᠡ ᠳᠤ ᠬᠤᠯᠪᠤᠭᠳᠠᠭᠰᠠᠨ ᠶᠡᠷᠦ ᠶᠢᠨ ᠮᠡᠳᠡᠯᠭᠡ ᠪᠠ ᠬᠠᠤᠯᠢ ᠲᠦᠷᠢᠮ ᠲᠦᠷᠦ ᠶᠢᠨ ᠪᠤᠳᠤᠯᠭ᠎ᠠ ᠎ ᠶᠢ ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ︽ ᠡᠴᠦᠰ ᠤᠨ ᠨᠢᠭᠡ ᠺᠢᠯᠤᠮᠧᠲᠷ︾᠎ ᠢ ᠴᠢᠷᠮᠠᠶᠢᠨ ᠨᠠᠪᠲᠠᠷᠡᠭᠦᠯᠵᠦ᠂ ᠪᠣᠯᠪᠠᠰᠤᠨ ᠰᠢᠨ᠎ᠡ ᠰᠤᠷᠲᠠᠯ ᠢ ᠡᠭᠡᠯ ᠠᠷᠠᠳ ᠤᠨ ᠭᠡᠷ ᠲᠤ ᠬᠦᠷᠭᠡᠨ᠂  ᠲᠠᠯ᠎ᠠ ᠨᠤᠲᠤᠭ ᠤᠨ ᠬᠦᠷᠦᠰᠦᠨ ᠳᠤ ᠦᠨᠳᠦᠰᠦᠯᠡᠬᠦᠯᠪᠡ᠃ ᠡᠭᠦᠨ ᠤ ᠬᠠᠮᠲᠤ᠂ ᠡᠯ᠎ᠡ ᠲᠣᠰᠬᠤᠨ ᠤ ᠨᠠᠮ ᠤᠨ ᠡᠭᠦᠷ ᠨᠢ ︽7.1︾᠂ ︽10.1︾ ᠵᠡᠷᠭᠡ ᠴᠢᠬᠤᠯᠠ ᠴᠠᠭ ᠬᠤᠭᠤᠴᠠᠭ᠎ᠠ ᠎ ᠶᠢ ᠲᠤᠬᠢᠶᠠᠯᠳᠤᠭᠤᠯᠤᠨ᠂ ︽ᠦᠨᠳᠦᠰᠦᠲᠡᠨ ᠨᠦᠭᠦᠳ ᠨᠢᠬᠡ ᠬᠡᠷ ᠤᠨ ᠬᠢᠨ ᠮᠡᠳᠦ ᠪᠦᠯᠬᠦᠮᠳᠡᠨ ᠨᠢᠭᠲᠠᠷᠠᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾  ᠬᠡᠮᠡᠬᠦ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ᠂ ᠮᠡᠳᠡᠯᠭᠡ ᠶᠢᠨ ᠤᠷᠤᠯᠳᠤᠭᠠᠨ ᠵᠡᠷᠭᠡ ᠣᠯᠠᠨ ᠵᠦᠢᠯ ᠤᠨ ᠬᠦᠳᠡᠯᠪᠦᠷᠢ ᠠᠵᠢᠯᠯᠠᠭ᠎ᠠ ᠶᠢ ᠥᠷᠨᠢᠭᠦᠯᠵᠦ ᠢᠷᠡᠵᠡᠢ᠃ ᠣᠶᠢᠷ᠎ᠠ ᠶᠢᠨ ᠵᠢᠯ ᠳᠤ᠂ ᠡᠶᠢᠮᠦᠷᠬᠦ ᠬᠦᠳᠡᠯᠪᠦᠷᠢ ᠠᠵᠢᠯᠯᠠᠭ᠎ᠠ ᠶᠢ ᠨᠡᠶᠢᠲᠡ 480 ᠭᠠᠷᠤᠢ ᠤᠳᠠᠭ᠎ᠠ ᠥᠷᠨᠢᠭᠦᠯᠦᠭᠰᠡᠨ ᠪᠠᠶᠢᠨ᠎ᠠ᠃      ︽ᠦᠨᠳᠦᠰᠦᠲᠡᠨ ᠤ ᠪᠦᠯᠬᠦᠮᠳᠡᠯ + ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾᠎ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠲᠥᠪᠯᠡᠩᠭᠦᠢ ᠬᠦᠴᠦᠨ︾᠎ ᠢ ᠨᠢᠬᠳᠠᠷᠠᠭᠤᠯᠤᠨ᠎ᠠ᠃  ᠯᠦᠸᠧ ᠲᠦᠸᠧ ᠱᠠᠨ ᠪᠠᠯᠭᠠᠰᠤᠨ ᠤ ᠬᠢᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠡᠬᠦᠰᠴᠡ ᠪᠠ  ᠵᠤᠭᠰᠤᠴᠠ ᠪᠤᠯᠭᠠᠨ᠂ ︽ᠤᠯᠠᠨ ᠲᠦᠮᠡᠨ ᠳᠤ ᠪᠣᠳᠠᠲᠠᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠯᠠᠨ ᠲᠦᠮᠡᠨ ᠤ ᠰᠠᠨᠠᠭᠠᠰᠢᠷᠠᠵᠤ ᠵᠤᠪᠠᠵᠤ ᠪᠠᠶᠢᠭᠰᠠᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ ᠢᠷᠡᠵᠡᠢ᠃  ᠪᠦᠬᠦ ᠪᠠᠯᠭᠠᠰᠤ ᠪᠠᠨ 77 ᠭᠡᠰᠡᠭᠯᠡᠯ ᠬᠤᠪᠢᠶᠠᠵᠤ᠂  ᠪᠠᠯᠭᠠᠰᠤᠨ ᠤ ᠤᠳᠤᠷᠢᠳᠬᠤ ᠺᠠᠳ᠋ᠷ᠂ ᠲᠣᠰᠬᠤᠨ ᠤ ︽ᠬᠤᠶᠠᠷ ᠵᠥᠪᠯᠡᠯ︾᠂   ᠭᠡᠰᠡᠭᠯᠡᠯ ᠲᠠᠭᠠᠭᠠᠴᠢᠯᠠᠭᠰᠠᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠪᠦᠬᠦᠶᠢᠯᠡ ᠬᠦᠴᠦᠨ ᠢ  ᠬᠠᠮᠳᠤᠳᠬᠠᠨ᠂   ᠨᠡᠶᠢᠳᠡ 120 ᠭᠡᠰᠢᠬᠦᠨ ᠲᠠᠢ ᠦᠢᠯᠡᠴᠢᠯᠡᠭᠡᠨ ᠤ ᠪᠦᠯᠬᠦᠮ 20᠎ ᠶᠢ ᠪᠠᠶᠢᠭᠤᠯᠤᠨ  ᠂ ︽ᠣᠯᠠᠨ ᠲᠦᠮᠡᠨ ᠵᠠᠬᠢᠶᠠᠯᠠᠭ᠎ᠠ ᠲᠤᠭᠳᠠᠬᠤ ︱ ᠸᠢᠴᠠᠲ ᠢᠶᠠᠷ ᠵᠠᠬᠢᠶᠠᠯᠠᠭ᠎ᠠ ᠶᠢ ᠲᠠᠮᠵᠢᠭᠤᠯᠬᠤ  ︱ ᠦᠢᠯᠡᠴᠢᠯᠡᠭᠡᠨ ᠤ ᠪᠦᠯᠬᠦᠮ ᠵᠠᠬᠢᠶᠠᠯᠠᠭ᠎ᠠ ᠲᠤᠰᠬᠤ  ︱ ᠣᠯᠠᠨ ᠲᠦᠮᠡᠨ ᠦᠨᠡᠯᠡᠯᠲᠡ ᠬᠢᠬᠦ︾  ᠳᠥᠷᠪᠡᠨ ᠠᠯᠬᠤᠮᠳᠤ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠪᠡ᠃ ᠡᠭᠦᠨ ᠤ ᠬᠠᠮᠲᠤ᠂  ᠬᠠᠷᠢᠶ᠎ᠠ ᠣᠷᠣᠨ ᠳᠠᠬᠢ ᠪᠣᠶ ᠪᠦᠬᠦᠢ ᠰᠠᠭᠤᠭᠠᠯᠢ ᠠᠷᠠᠳ ᠤᠨ ᠦᠨᠳᠦᠰᠦᠨ ᠮᠡᠳᠡᠭᠡ ᠵᠠᠩᠭᠢ ᠶᠢ ᠲᠥᠷᠥᠯ ᠬᠤᠪᠢᠶᠠᠨ ᠲᠠᠩᠰᠠᠯᠠᠵᠤ᠂ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠰᠠᠶᠢᠨ ᠬᠢᠵᠦ ᠢᠷᠡᠭᠰᠡᠨ ᠪᠠᠶᠢᠨ᠎ᠠ᠃ 2024 ᠣᠨ ᠠᠴᠠ ᠨᠠᠰᠢ᠂ ᠤᠯᠠᠨ ᠲᠦᠮᠡᠨ ᠤ ᠲᠦᠯᠦᠭᠡ ᠬᠢᠭᠰᠡᠨ  ᠪᠤᠳᠠᠳᠠᠢ ᠠᠵᠢᠯ ᠶᠠᠪᠤᠳᠠᠯ ᠨᠡᠶᠢᠳᠡ 1800 ᠤᠳᠠᠭ᠎ᠠ ᠪᠠᠶᠢᠵᠤ᠂  ᠦᠢᠯᠡᠴᠢᠯᠡᠭᠰᠡᠨ ᠨᠢᠭᠤᠷᠯᠠᠯ 8000 ᠭᠠᠷᠤᠢ ᠬᠥᠮᠥᠨ ᠤᠳᠠᠭ᠎ᠠ ᠎ ᠳᠤ ᠬᠦᠷᠴᠡᠢ  ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号