3 ᠰᠠᠷ᠎ᠠ ᠶᠢᠨ 22 ᠤᠨ ᠡᠳᠦᠷ᠂ ᠲᠠᠶᠢᠹᠤᠰᠧ ᠬᠤᠰᠢᠭᠤᠨ ᠤ ᠬᠢᠨ ᠨᠠᠮ ᠤᠨ ᠲᠡᠦᠬᠡ᠂ ᠰᠢᠨ᠎ᠡ ᠳᠤᠮᠳᠠᠳᠤ | ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ | ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠪᠠᠶᠢᠭᠤᠯᠭ᠎ᠠ | ᠨᠢᠭᠡᠴᠡ ᠶᠢᠨ ᠲᠤᠮᠢᠯᠠᠭᠰᠠᠨ 16 ᠲᠤᠭᠤᠶᠢᠯᠠᠩ ᠤᠷᠤᠯᠳᠤᠭᠠᠨ ᠳᠤ ᠤᠷᠤᠯᠴᠠᠵᠤ᠂ ᠪᠡᠯᠡᠳᠬᠡᠯ ᠤᠷᠤᠯᠳᠤᠭᠠᠨ᠂ | ᠰᠢᠢᠳᠪᠦᠷᠢᠲᠦ ᠤᠷᠤᠯᠳᠤᠭᠠᠨ ᠤ ᠬᠤᠷᠴᠠ ᠰᠢᠷᠦᠭᠦᠨ ᠮᠥᠷᠥᠶᠢᠴᠡᠭᠡᠨ ᠢᠶᠠᠷ ᠲᠠᠮᠵᠢᠭᠠᠳ᠂ ᠴᠢᠶᠠᠨ ᠶᠢᠨ ᠭᠧᠦ | ᠪᠠᠯᠭᠠᠰᠤᠨ ᠤ ᠲᠥᠯᠥᠭᠡᠯᠡᠭᠴᠢᠳ ᠤᠨ ᠠᠩᠭᠢ ᠮᠠᠩᠯᠠᠶᠢᠯᠠᠵᠤ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ | ᠬᠤᠩ ᠴᠢ ᠪᠠᠯᠭᠠᠰᠤᠨ ᠤ ᠲᠥᠯᠥᠭᠡᠯᠡᠭᠴᠢᠳ ᠤᠨ ᠠᠩᠭᠢ ᠲᠡᠳ᠋ᠯᠡᠨ᠂ ᠵᠠᠰᠠᠭ ᠤᠨ ᠣᠷᠳᠣᠨ ᠤ ᠠᠯᠪᠠᠨ ᠭᠡᠷ᠂ | ᠪᠠᠶᠢᠴᠠᠭᠠᠬᠤ ᠬᠤᠷᠢᠶ᠎ᠠ᠂ ᠪᠤᠤᠴᠠᠩ ᠪᠠᠯᠭᠠᠰᠤᠨ ᠤ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠲᠡᠰ ᠲᠤ | ᠰᠢᠯᠭᠠᠷᠠᠵᠠᠢ᠃ | ᠴᠢᠶᠠᠨ ᠶᠢᠨ ᠭᠧᠦ ᠪᠠᠯᠭᠠᠰᠤᠨ ᠤ ᠠᠵᠢᠯᠳᠠᠨ ᠰᠦᠩ ᠵᠢᠶᠠ ᠬᠤᠢ᠄ ︽ᠤᠷᠤᠯᠳᠤᠭᠠᠨ ᠢᠶᠠᠷ ᠲᠠᠮᠵᠢᠭᠠᠳ | ᠥᠪᠡᠷ ᠤᠨ ᠤᠯᠤᠰ ᠲᠥᠷᠥ ᠶᠢᠨ ᠣᠨᠣᠯ ᠤᠨ ᠬᠢᠷᠢ ᠬᠡᠮᠵᠢᠶ᠎ᠡ ᠪᠠᠨ ᠴᠢᠨᠠᠭᠰᠢᠳᠠ ᠳᠡᠭᠡᠭᠰᠢᠯᠡᠭᠦᠯᠪᠡ᠂ ᠬᠤᠶᠢᠰᠢᠳᠠ ᠶᠢᠨ | ᠠᠵᠢᠯ ᠤᠨ ᠳᠤᠮᠳᠠ ᠪᠠᠨ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ ᠲᠠᠶᠢᠴᠢᠯᠠᠵᠤ ᠂ ᠲᠤᠯᠭᠤᠷ | ᠵᠣᠷᠢᠯᠲᠠ ᠪᠠᠨ ᠪᠠᠲᠤ ᠴᠡᠭᠡᠵᠢᠯᠡᠨ᠂ ᠬᠤᠪᠢᠰᠬᠠᠯ ᠤᠨ ᠵᠣᠷᠢᠭ ᠰᠠᠨᠠᠭᠠᠨ ᠤ ᠬᠥᠳᠡᠯᠭᠡᠬᠦ ᠬᠦᠴᠦᠨ ᠢ ᠡᠳᠦᠷ | ᠲᠤᠲᠤᠮ ᠤᠨ ᠠᠵᠢᠯ ᠳᠠᠭᠠᠨ ᠣᠷᠣᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠬᠦᠴᠦᠨ ᠴᠢᠳᠠᠯ ᠢᠶᠠᠨ ᠡᠷᠭᠦᠨ᠎ᠡ︾᠃ | ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠠᠵᠢᠯᠳᠠᠨ ᠯᠢᠨ ᠰᠢᠦᠢ᠄ ︽ ᠤᠷᠤᠯᠳᠤᠭᠠᠨ ᠳᠤ | ᠤᠷᠤᠯᠴᠠᠭᠠᠳ ᠤᠯᠤᠯᠳᠠ ᠶᠡᠭᠡ ᠪᠠᠶᠢᠭ᠎ᠠ᠂ ᠬᠤᠶᠢᠰᠢᠳᠠ ᠪᠢ ᠨᠠᠮ ᠤᠨ ᠲᠡᠦᠬᠡ ᠶᠢᠨ ᠮᠡᠳᠡᠯᠭᠡ ᠶᠢᠨ ᠲᠤᠬᠠᠢ | ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠨᠣᠯ ᠤᠨ ᠮᠡᠳᠡᠯᠭᠡ ᠶᠢᠨ ᠬᠢᠷᠢ ᠬᠡᠮᠵᠢᠶ᠎ᠡ ᠪᠠᠨ ᠲᠠᠰᠤᠷᠠᠯᠳᠠ | ᠦᠬᠡᠢ ᠳᠡᠭᠡᠭᠰᠢᠯᠡᠭᠦᠯᠦᠨ᠎ᠡ︾᠃ | ᠡᠨᠡ ᠤᠳᠠᠭᠠᠨ ᠤ ᠮᠡᠳᠡᠯᠭᠡ ᠶᠢᠨ ᠤᠷᠤᠯᠳᠤᠭᠠᠨ ᠨᠢ ︽ᠠᠳᠠᠯᠢᠳᠬᠠᠯ ᠢᠶᠠᠷ ᠰᠤᠷᠤᠯᠴᠠᠯᠭ᠎ᠠ ᠶᠢ ᠠᠬᠢᠭᠤᠯᠬᠤ᠂ | ᠰᠤᠷᠤᠯᠴᠠᠯᠭ᠎ᠠ ᠪᠠᠷ ᠠᠵᠢᠯ ᠢ ᠠᠬᠢᠭᠤᠯᠬᠤ᠂ ᠲᠡᠷᠢᠭᠦᠨ ᠤ ᠬᠢ ᠶᠢ ᠡᠬᠦᠳᠴᠦ ᠰᠢᠯᠢᠳᠡᠭ ᠪᠤᠯᠬᠤ ᠪᠠᠷ ᠴᠢᠷᠮᠠᠶᠢᠬᠤ︾ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠬᠤ ᠤᠷᠮ᠎ᠠ | ᠵᠤᠷᠢᠭ ᠢ ᠤᠯᠠᠮ ᠨᠢᠭᠡ ᠠᠯᠬᠤᠮ ᠲᠠᠶᠢᠴᠢᠯᠠᠨ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠬᠢᠵᠦ ᠦᠢᠯᠡᠰ | ᠪᠦᠳᠦᠭᠡᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠴᠢᠳᠠᠯ ᠢᠶᠠᠨ ᠡᠷᠭᠦᠬᠦ ᠳᠤᠨᠢ ᠵᠤᠷᠢᠬᠵᠢᠭᠤᠯᠤᠯ ᠪᠠ ᠵᠢᠯᠤᠭᠤᠳᠤᠯᠭ᠎ᠠ ᠪᠤᠯᠤᠭᠰᠠᠨ ᠪᠠᠶᠢᠨ᠎ᠠ ᠃ |