ᠯᠥᠸᠧ ᠲᠦᠸᠧ ᠱᠠᠨ ᠪᠠᠯᠭᠠᠰᠤ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠲᠤᠰᠬᠠᠢ ᠴᠡᠭᠴᠡᠯᠡᠯᠳᠡ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/3/25
  ᠲᠠᠷᠢᠶᠠᠯᠠᠩ ᠳᠤ ᠬᠡᠷᠡᠭᠯᠡᠬᠦ ᠰᠦᠯᠢᠶᠤᠤ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠵᠤ᠂  ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠯᠦᠸᠧ ᠲᠦᠸᠧ ᠱᠠᠨ ᠪᠠᠯᠭᠠᠰᠤ ᠨᠢ ᠬᠠᠶᠠᠭᠳᠠᠮᠠᠯ ᠬᠠᠭᠤᠴᠢᠨ ᠰᠦᠯᠢᠶᠤᠤ ᠪᠦᠷᠬᠦᠪᠴᠢ ᠶᠢ ᠬᠤᠷᠢᠶᠠᠨ ᠠᠪᠴᠤ ᠬᠤᠣᠷ ᠦᠬᠡᠶᠢᠵᠢᠬᠦᠯᠦᠨ ᠰᠢᠢᠳᠪᠦᠷᠢᠯᠡᠬᠦ ᠲᠤᠰᠬᠠᠢ ᠴᠡᠭᠴᠡᠯᠡᠯᠳᠡ  ᠶᠢᠨ ᠠᠵᠢᠯᠯᠠᠭ᠎ᠠ  ᠦᠷᠨᠢᠬᠦᠯᠵᠦ ᠪᠠᠶᠢᠨ᠎ᠠ᠃  3 ᠰᠠᠷ᠎ᠠ ᠶᠢᠨ 20 ᠤ ᠡᠳᠦᠷ ᠪᠠᠯᠭᠠᠰᠤᠨ ᠤ ᠤᠳᠤᠷᠢᠳᠤᠯᠭ᠎ᠠ ᠨᠠᠷ ᠯᠦᠸᠧ ᠲᠦᠸᠧ ᠱᠠᠨ ᠲᠣᠰᠬᠤᠨ ᠤ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠳᠤ ᠬᠦᠷᠴᠦ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠭᠰᠡᠨ ᠤ ᠬᠠᠮᠳᠤ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠨ ᠬᠢᠬᠦ ᠲᠤᠬᠠᠢ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠪᠣᠳᠠᠲᠠᠢ ᠱᠠᠭᠠᠷᠳᠠᠯᠭ᠎ᠠ ᠳᠤᠷᠠᠳᠪᠠ᠃ ᠲᠤᠬᠠᠶᠢᠯᠠᠪᠠᠯ᠂  ᠨᠢᠬᠡ ᠳᠤ ︽ ᠲᠠᠶᠢᠹᠤᠰᠧ ᠬᠤᠰᠢᠭᠤᠨ ᠤ 2023 ᠣᠨ ᠤ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠤᠨ ᠲᠦᠰᠦᠪ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠲᠠᠷᠢᠶᠠᠨ ᠭᠠᠵᠠᠷ ᠤᠨ ᠰᠦᠯᠢᠶᠤᠤ ᠪᠦᠷᠬᠦᠪᠴᠢ ᠶᠢᠨ ᠬᠠᠮᠢᠶᠠᠷᠤᠯᠲᠠ ᠶᠢᠨ ᠠᠷᠭ᠎ᠠ︾  ᠵᠡᠷᠭᠡ ᠬᠠᠤᠯᠢ ᠲᠦᠷᠢᠮ ᠢ ᠴᠢᠩᠭ᠎ᠠ  ᠵᠢᠷᠤᠮᠯᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ︽ᠬᠡᠨ ᠬᠡᠷᠡᠭᠯᠡᠪᠡᠯ ᠬᠡᠨ ᠬᠤᠷᠢᠶᠠᠬᠤ᠂ ᠬᠡᠨ ᠪᠣᠬᠢᠷᠲᠤᠭᠤᠯᠪᠠᠯ ᠬᠡᠨ ᠵᠠᠰᠠᠬᠤ︾ ᠵᠠᠷᠴᠢᠮ ᠶᠣᠰᠣᠭᠠᠷ᠂   ᠰᠦᠯᠢᠶᠤᠤ ᠪᠦᠷᠬᠦᠪᠴᠢ ᠶᠢᠨ ᠬᠤᠷᠢᠶᠠᠵᠤ ᠴᠡᠪᠡᠷᠯᠡᠬᠦ ᠠᠵᠢᠯ ᠢ  ᠰᠠᠶᠢᠨ ᠬᠢᠬᠦ ᠬᠡᠷᠡᠭᠲᠡᠢ᠃ ᠬᠤᠶᠠᠷ ᠲᠤ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠲᠠᠷᠢᠶᠠᠯᠠᠩ ᠳᠤ ᠬᠡᠷᠡᠭᠯᠡᠬᠦ  ᠰᠦᠯᠢᠶᠤᠤ ᠪᠦᠷᠬᠦᠪᠴᠢ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠲᠠᠷᠢᠶᠠᠯᠠᠩ ᠳᠤ ᠬᠡᠷᠡᠭᠯᠡᠬᠦ ᠰᠦᠯᠢᠶᠤᠤ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠠᠶᠠᠭᠳᠠᠮᠠᠯ ᠬᠠᠭᠤᠴᠢᠨ ᠰᠦᠯᠢᠶᠤᠤ ᠪᠦᠷᠬᠦᠪᠴᠢ   ᠶᠢ ᠬᠤᠷᠢᠶᠠᠨ ᠠᠪᠬᠤ ᠲᠤᠬᠠᠢ ᠠᠷᠪᠠᠨ ᠵᠤᠷᠪᠤᠰ ᠠᠷᠭ᠎ᠠ ᠬᠡᠮᠵᠢᠶ᠎ᠡ ︾ ᠵᠡᠷᠭᠡ ᠬᠠᠤᠯᠢ ᠲᠦᠷᠢᠮ ᠤᠨ ᠱᠠᠭᠠᠷᠳᠠᠯᠭ᠎ᠠ  ᠪᠠᠷᠢᠮᠵᠢᠶ᠎ᠠ ᠶᠢ ᠰᠠᠶᠢᠳᠤᠷ ᠤᠬᠠᠭᠤᠯᠤᠨ ᠲᠤᠤᠱᠯᠠᠭᠤᠯᠬᠤ ᠶᠢᠨ ᠬᠠᠮᠳᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠬᠠᠤᠯᠢ ᠲᠦᠷᠢᠮ ᠤᠨ ᠮᠡᠳᠡᠯᠭᠡ ᠶᠢᠨ ᠲᠣᠪᠬᠢᠮᠠᠯ ᠢ ᠲᠠᠷᠬᠠᠭᠠᠵᠤ᠂ ︽ᠴᠡᠭᠴᠡᠯᠡᠨ ᠵᠠᠰᠠᠬᠤ ᠶᠢᠨ ᠳᠠᠭᠠᠤ ᠤᠬᠠᠭᠤᠯᠵᠤ ᠵᠢᠯᠤᠭᠤᠳᠬᠤ︾ ᠰᠡᠳᠬᠢᠴᠡ ᠶᠢ ᠪᠠᠷᠢᠮᠳᠠᠯᠠᠨ᠂ ᠬᠠᠶᠠᠭᠳᠠᠮᠠᠯ  ᠰᠦᠯᠢᠶᠥᠦ ᠪᠦᠷᠬᠦᠪᠴᠢ ᠬᠤᠷᠢᠶᠠᠨ ᠠᠪᠬᠤ ᠲᠤᠬᠠᠢ ᠬᠠᠤᠯᠢ ᠲᠦᠭᠡᠮᠡᠯᠵᠢᠭᠦᠯᠬᠦ ᠲᠤᠰᠬᠠᠢ ᠤᠬᠠᠭᠤᠯᠭ᠎ᠠ ᠶᠢ ᠦᠷᠨᠢᠬᠦᠯᠬᠦ ᠭᠡᠷᠡᠭᠳᠡᠢ ᠬᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂  ᠲᠤᠰ ᠪᠠᠯᠭᠠᠰᠤ ᠨᠢ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ  ᠬᠤᠷᠢᠶᠠᠨ ᠴᠡᠪᠡᠷᠯᠡᠬᠦ ᠵᠢᠴᠢ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠤᠯᠠᠮ ᠴᠢᠩᠭᠠᠷᠠᠭᠤᠯᠵᠤ᠂ ︽ᠠᠷᠠᠳ ᠤᠨ ᠠᠮᠢᠳᠤᠷᠠᠯ   ᠤᠨ ᠰᠠᠶᠢᠵᠢᠷᠠᠯᠳᠠ + ᠣᠷᠴᠢᠨ ᠲᠣᠭᠤᠷᠢᠨ ᠤ ᠬᠠᠮᠠᠭᠠᠯᠠᠯᠲᠠ︾  ᠬᠤᠤᠰ ᠦᠷ᠎ᠡ ᠠᠰᠢᠭ ᠢ  ᠪᠡᠶᠡᠯᠡᠬᠦᠯᠬᠦ ᠪᠠᠷ ᠪᠠᠶᠢᠨ᠎ᠠ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号