ᠬᠠᠪᠤᠷ ᠤᠨ ᠤᠷᠢ ᠤᠷᠤᠵᠤ ᠬᠠᠶᠢᠯ ᠤᠨ ᠤᠰᠤ ᠤᠷᠤᠰᠬᠤᠶ᠎ᠠ᠂ ᠲᠠᠶᠢᠹᠤᠰᠧ ᠬᠤᠰᠢᠭᠤᠨ ᠤ ᠲᠥᠮᠥᠰᠥ | ᠳᠠᠷᠢᠬᠤ ᠲᠠᠷᠢᠶᠠᠴᠢᠨ ᠡᠷᠦᠬᠡ ᠤᠳ ᠨᠢ ᠲᠥᠮᠥᠰᠥ ᠬᠡᠷᠴᠢᠬᠦ ᠠᠵᠢᠯ ᠢᠶᠠᠨ ᠶᠠᠭᠠᠷᠠᠯᠲᠠᠢ ᠬᠢᠵᠦ᠂ ᠤᠳᠠᠯ ᠦᠭᠡᠢ | ᠬᠦᠷᠴᠦ ᠢᠷᠡᠬᠦ ᠬᠠᠪᠤᠷ ᠤᠨ ᠲᠠᠷᠢᠶᠠᠯᠠᠭ᠎ᠠ ᠶᠢᠨ ᠢᠶᠠᠨ ᠤᠷᠤᠭᠰᠢᠲᠠᠢ ᠶᠠᠪᠤᠭᠳᠠᠬᠤ ᠳᠤ ᠰᠠᠭᠤᠷᠢ ᠶᠢ ᠲᠠᠯᠪᠢᠨ᠎ᠠ᠃ | ᠲᠦᠷᠦᠭᠦᠬᠡᠨ᠂ ᠰᠤᠷᠪᠤᠯᠵᠢᠯᠠᠭᠴᠢ ᠴᠢᠶᠠᠨ ᠶᠢᠨ ᠭᠧᠦ ᠪᠠᠯᠭᠠᠰᠤᠨ ᠤ ᠰᠠᠨ ᠵᠢᠶᠧ ᠲᠣᠰᠬᠤᠨ ᠤ ᠭᠦᠸᠧ ᠹᠧᠩ | ᠲᠦᠮᠦᠰᠦᠨ ᠤ ᠦᠢᠯᠡᠰ ᠤᠨ ᠬᠤᠷᠰᠢᠶᠠᠵᠢᠯ ᠳᠤ ᠬᠦᠷᠬᠦ ᠳᠤ᠂ ᠠᠵᠢᠯᠴᠢᠳ ᠶᠠᠭ ᠲᠤᠩᠭᠠᠯᠠᠭ ᠰᠠᠶᠢᠬᠠᠨ ᠡᠳᠦᠷ ᠢ | ᠵᠠᠪᠳᠤᠵᠤ᠂ ᠬᠡᠷᠴᠢᠬᠦ᠂ ᠤᠭᠤᠲᠠᠯᠠᠬᠤ᠂ ᠵᠥᠭᠡᠭᠡᠪᠦᠷᠢᠯᠡᠬᠦ ᠠᠵᠢᠯ ᠢᠶᠠᠨ ᠱᠠᠯᠠᠪᠳᠠᠨ ᠬᠢᠵᠦ᠂ ᠤᠨᠠᠭᠰᠠᠨ ᠮᠠᠯᠠᠭᠠᠢ | ᠰᠢᠬᠦᠷᠬᠦ ᠵᠠᠪ ᠦᠬᠡᠢ ᠶᠠᠭᠠᠷᠠᠯᠳᠤᠵᠤ ᠪᠠᠶᠢᠭ᠎ᠠ ᠶᠢ ᠬᠠᠷᠠᠯ᠎ᠠ᠃ | ᠭᠦᠸᠧ ᠹᠧᠩ ᠲᠥᠮᠥᠰᠥᠨ ᠤ ᠦᠢᠯᠡᠰ ᠤᠨ ᠬᠤᠷᠰᠢᠶᠠᠵᠢᠯ ᠤᠨ ᠳᠠᠭᠠᠭᠠᠮᠠᠯ ᠼᠤᠤ ᠯᠢ ᠴᠧᠩ᠄ ︽ᠪᠢᠳᠡ 3 | ᠰᠠᠷ᠎ᠠ ᠶᠢᠨ 21 ᠤ ᠡᠳᠦᠷ ᠠᠴᠠ ᠲᠦᠮᠦᠰᠦ ᠬᠡᠷᠴᠢᠬᠦ ᠠᠵᠢᠯ ᠢᠶᠠᠨ ᠡᠬᠢᠯᠡᠵᠡᠢ᠂ ᠡᠨᠡ ᠵᠢᠯ ᠪᠠᠷᠤᠭ 5100 ᠮᠦ | ᠲᠠᠷᠢᠬᠤ ᠪᠠᠷ ᠪᠠᠶᠢᠨ᠎ᠠ᠂ 1800 ᠲᠣᠨ ᠪᠣᠷᠳᠣᠭᠤᠷ ᠲᠤᠭᠳᠠᠭᠠᠳ 200 ᠲᠤᠨ ᠨᠢ ᠨᠢᠬᠡᠨᠳᠡ ᠢᠷᠡᠵᠡᠢ᠃ 4 | ᠰᠠᠷ᠎ᠠ ᠶᠢᠨ 10 ᠤ ᠤᠷᠴᠢᠮ ᠠᠴᠠ ᠬᠠᠭᠠᠯᠪᠤᠷᠢᠯᠠᠵᠤ ᠲᠡᠭᠰᠢᠯᠡᠬᠦ ᠠᠵᠢᠯ ᠢᠶᠠᠨ ᠡᠬᠢᠯᠡᠵᠦ᠂ 4 ᠰᠠᠷ᠎ᠠ ᠶᠢᠨ 20 ᠤ | ᠡᠳᠦᠷ ᠠᠴᠠ ᠪᠠᠷᠤᠭ ᠲᠠᠷᠢᠭᠠᠳ ᠡᠬᠢᠯᠡᠴᠢᠬᠡᠨᠡ᠂ 10 ᠰᠠᠤᠷᠢ ᠮᠠᠰᠢᠨ ᠵᠡᠷᠭᠡ ᠪᠠᠷ ᠬᠦᠳᠡᠯᠪᠡᠯ᠂ ᠪᠠᠷᠤᠭ ᠬᠠᠭᠠᠰ | ᠰᠠᠷ᠎ᠠ ᠲᠠᠢ ᠪᠤᠯ ᠳᠠᠷᠢᠵᠤ ᠲᠠᠭᠤᠰᠤᠨ᠎ᠠ᠃ ᠡᠨᠡ ᠵᠢᠯ ᠤᠨ ᠲᠦᠮᠦᠰᠦᠨ ᠤ ᠲᠦᠷᠦᠯ ᠳᠤ ᠳ᠋ᠠ ᠹᠧᠩ ᠱᠸᠦ᠂ ᠸᠧ | ᠲᠦ᠋᠂ ᠰᠢᠤᠸᠠᠢ ᠴᠤᠸᠠᠨ ᠬᠤᠩ ᠵᠡᠷᠭᠡ ᠰᠠᠶᠢᠨ ᠲᠦᠷᠦᠯ ᠤᠳ ᠪᠤᠢ ᠂ ᠡᠯᠪᠡᠭ ᠬᠤᠷᠢᠶᠠᠯᠲᠠ ᠣᠯᠬᠤ ᠶᠢ ᠯᠠ | ᠬᠦᠰᠡᠵᠦ ᠪᠠᠶᠢᠨ᠎ᠠ︾ ᠃ | ᠬᠤᠷᠰᠢᠶᠠᠵᠢᠯ ᠳᠤ ᠠᠵᠢᠯᠯᠠᠵᠤ ᠪᠠᠶᠢᠭ᠎ᠠ ᠲᠣᠰᠬᠤᠨ ᠤ ᠠᠷᠠᠳ ᠶᠠᠩ ᠶᠠᠨ ᠯᠢ᠄ ︽ ᠭᠡᠷ ᠤᠨ ᠡᠬᠦᠳᠡᠨ ᠳᠡᠭᠡᠨ | ᠠᠵᠢᠯ ᠤᠯᠵᠤ ᠬᠢᠭᠡᠳ ᠮᠠᠰᠢ ᠪᠠᠶᠠᠷᠳᠠᠢ ᠪᠠᠶᠢᠨ᠎ᠠ᠂ ᠡᠳᠦᠷ ᠲᠤ 10 ᠴᠠᠭ ᠰᠢᠬᠠᠭᠤ ᠠᠵᠢᠯᠯᠠᠭᠠᠳ 155 | ᠲᠥᠭᠦᠷᠢᠭ ᠤᠨ ᠴᠠᠯᠢᠩ ᠲᠠᠢ᠂ ᠭᠡᠷ ᠠᠴᠠ ᠣᠶᠢᠷᠠᠬᠠᠨ ᠪᠤᠯᠬᠤᠷ ᠪᠢᠳᠡᠨ ᠳᠤ ᠮᠠᠰᠢ ᠲᠦᠬᠦᠮ᠂ ᠡᠩ ᠤᠨ ᠴᠠᠭ | ᠲᠤ ᠭᠡᠷ ᠲᠡᠭᠡᠨ ᠬᠠᠷᠢᠵᠤ ᠲᠠᠷᠢᠶ᠎ᠠ ᠨᠤᠭᠤᠭ᠎ᠠ ᠪᠠᠨ ᠲᠠᠷᠢᠴᠢᠬᠠᠨ᠎ᠠ︾ ᠃ ᠰᠤᠷᠪᠤᠯᠵᠢᠯᠠᠭᠴᠢ ᠶᠢᠨ | ᠣᠶᠢᠯᠠᠭᠠᠭᠰᠠᠨ ᠢᠶᠠᠷ᠂ ᠶᠠᠩ ᠶᠠᠨ ᠯᠢ ᠰᠢᠭ ᠭᠡᠷ ᠤᠨ ᠡᠭᠦᠳᠡᠨ ᠳᠡᠭᠡᠨ ᠠᠵᠢᠯ ᠤᠯᠵᠤ ᠤᠷᠤᠯᠭ᠎ᠠ ᠪᠠᠨ | ᠨᠡᠮᠡᠭᠳᠡᠬᠦᠯᠦᠭᠰᠡᠨ ᠲᠣᠰᠬᠤᠨ ᠤ ᠠᠷᠠᠳ ᠪᠠᠰᠠ ᠵᠦᠩᠳᠡᠭᠡᠨ ᠣᠯᠠᠨ ᠪᠠᠶᠢᠯ᠎ᠠ᠃ | ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ᠤᠯᠤᠰ ᠤᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ | ᠶᠢ ᠶᠡᠭᠡ ᠪᠠᠷ ᠠᠬᠢᠭᠤᠯᠤᠨ᠂ ᠲᠥᠮᠥᠰᠥᠨ ᠤ ᠠᠵᠤ ᠦᠢᠯᠡᠰ ᠢ ᠬᠥᠳᠡᠭᠡ ᠲᠣᠰᠬᠤᠨ ᠤ ᠠᠵᠤ ᠠᠬᠤᠢ ᠶᠢ | ᠴᠡᠴᠡᠭᠯᠡᠭᠦᠯᠬᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠭᠤᠣᠯᠯᠠᠭᠴᠢ ᠠᠵᠤ ᠦᠢᠯᠡᠰ ᠪᠣᠯᠭᠠᠨ | ᠬᠦᠭᠵᠢᠬᠦᠯᠵᠦ᠂ ᠠᠵᠤ ᠦᠢᠯᠡᠰ ᠤᠨ ᠰᠠᠭᠤᠷᠢ ᠶᠢ ᠪᠠᠬᠢᠵᠢᠬᠦᠯᠦᠨ ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ᠂ ᠲᠠᠷᠢᠬᠤ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠦᠭᠵᠢᠯᠳᠡ | ᠶᠢᠨ ᠰᠢᠨ᠎ᠡ ᠵᠠᠭᠪᠤᠷ ᠢ ᠪᠤᠢ ᠪᠤᠯᠭᠠᠭᠠᠳ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠡᠢ᠃ | ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠥᠬᠦ ᠬᠤᠰᠢᠭᠤᠨ ᠤ ᠲᠥᠮᠥᠰᠥ ᠳᠠᠷᠢᠬᠤ ᠲᠠᠯᠠᠪᠠᠶ 43.1 | ᠲᠦᠮᠡᠨ ᠮᠦ ᠳᠤ ᠬᠦᠷᠴᠦ᠂ ᠵᠢᠯ ᠤᠨ ᠦᠢᠯᠡᠳᠬᠦᠨ ᠤ ᠥᠷᠲᠡᠭ ᠨᠢ 12 ᠳ᠋ᠦᠩᠰᠢᠭᠤᠷ ᠲᠥᠭᠦᠷᠢᠭ ᠲᠠᠪᠠᠭᠰᠠᠨ | ᠪᠠᠶᠢᠨ᠎ᠠ᠃ 2024 ᠣᠨ ᠳᠤ ᠲᠤᠰ ᠬᠤᠰᠢᠭᠤ ᠨᠢ 43 ᠲᠦᠮᠡᠨ ᠮᠦ ᠲᠦᠮᠦᠰᠦ ᠳᠠᠷᠢᠬᠤ ᠲᠦᠰᠦᠪ ᠲᠦᠯᠦᠪᠯᠡᠭᠡ | ᠶᠢ ᠲᠤᠭᠳᠠᠭᠠᠳ᠂ ᠮᠡᠷᠭᠡᠵᠢᠯ ᠤᠨ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠮᠥᠷᠳᠡᠨ | ᠦᠢᠯᠡᠴᠢᠯᠡᠬᠦ ᠠᠵᠢᠯ ᠢ ᠰᠠᠶᠢᠨ ᠬᠢᠬᠦ ᠪᠠᠷ ᠲᠠᠮᠵᠢᠨ᠂ ᠲᠦᠮᠦᠰᠦᠨ ᠤ ᠤᠨᠠᠯᠳᠠ ᠭᠠᠷᠤᠯᠲᠠ ᠪᠠ ᠶᠠᠰᠤ ᠴᠢᠨᠠᠷ ᠢ | ᠲᠡᠭᠡᠭᠰᠢᠯᠡᠬᠦᠯᠵᠦ᠂ ᠪᠥᠬᠦ ᠬᠤᠰᠢᠭᠤᠨ ᠤ ᠲᠦᠮᠦᠰᠦᠨ ᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠪᠠᠷ ᠪᠠᠶᠢᠨ᠎ᠠ᠃ |