ᠮᠠᠯᠴᠢᠨ ᠲᠠᠷᠢᠶᠠᠴᠢᠨ ᠨᠠᠶᠢᠵᠠ ᠨᠠᠷ ᠲᠤ ᠢᠯᠡᠭᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/26
ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠨᠠᠶᠢᠵᠠ ᠨᠠᠷ ᠡ᠄     ᠠᠮᠢ ᠠᠬᠤᠢ ᠣᠷᠴᠢᠨ ᠲᠤᠭᠤᠷᠢᠨ ᠢᠶᠠᠨ ᠬᠠᠮᠠᠭᠠᠯᠠᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠠᠶᠢᠭᠤᠯᠬᠤ ᠪᠣᠯ  ᠪᠢᠳᠡ ᠪᠦᠬᠦᠨ ᠤ ᠬᠠᠮᠲᠤ ᠶᠢᠨ ᠬᠠᠷᠢᠭᠤᠴᠠᠯᠭ᠎ᠠ ᠮᠥᠨ᠂ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠳᠤ ᠮᠠᠯᠴᠢᠨ ᠲᠠᠷᠢᠶᠠᠴᠢᠨ ᠨᠠᠶᠢᠵᠠ ᠨᠠᠷ ᠤᠨ ᠳᠡᠮᠵᠢᠯᠭᠡ ᠪᠠ ᠣᠷᠤᠯᠴᠠᠯᠭ᠎ᠠ ᠱᠠᠭᠠᠷᠳᠠᠭᠳᠠᠨ᠎ᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠡᠷᠡᠨ ᠪᠣᠯ ᠶᠠᠭ ᠰᠠᠶᠢᠬᠠᠨ  ᠬᠠᠭᠤᠴᠢᠨ ᠪᠦᠷᠬᠦᠪᠴᠢ ᠶᠢ ᠴᠡᠪᠡᠷᠯᠡᠵᠦ ᠰᠢᠨ᠎ᠡ ᠪᠦᠷᠬᠦᠪᠴᠢ ᠶᠢ ᠬᠡᠷᠡᠭᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ᠃  ᠲᠠᠷᠢᠶᠠᠨ ᠭᠠᠵᠠᠷ ᠤᠨ ᠪᠣᠬᠢᠷᠲᠤᠯ ᠢ ᠰᠡᠷᠭᠡᠶᠢᠯᠡᠨ ᠵᠠᠰᠠᠵᠤ᠂  ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂  ᠤᠨᠴᠠᠭᠠᠶᠢᠯᠠᠨ ᠲᠤᠰ  ᠰᠠᠨᠠᠭᠠᠴᠢᠯᠠᠭ᠎ᠠ ᠶᠢ ᠭᠠᠷᠭᠠᠯ᠎ᠠ᠄      ᠨᠢᠭᠡ᠂ ᠰᠦᠯᠢᠶᠤᠤ ᠪᠦᠷᠬᠦᠪᠴᠢ ᠶᠢᠨ ᠬᠤᠣᠷ ᠬᠥᠨᠥᠭᠡᠯ ᠶᠡᠭᠡ  ᠭᠡᠳᠡᠭ ᠢ ᠰᠠᠨᠠᠭᠤᠯᠤᠶ᠎ᠠ᠃  ᠬᠠᠶᠠᠭᠳᠠᠮᠠᠯ ᠰᠦᠯᠢᠶᠤᠤ ᠪᠦᠷᠬᠦᠪᠴᠢ ᠨᠢ ᠬᠦᠷᠦᠰᠦ ᠰᠢᠷᠤᠢ ᠶᠢ ᠪᠤᠬᠢᠷᠳᠤᠭᠤᠯᠵᠤ  ᠂ ᠲᠠᠷᠢᠮᠠᠯ ᠤᠨ ᠥᠰᠦᠯᠲᠡ ᠪᠤᠶᠢᠵᠢᠯᠲᠠ ᠶᠢ  ᠨᠦᠯᠦᠭᠡᠯᠡᠳᠡᠭ᠃ ᠣᠶᠢᠷ᠎ᠠ ᠶᠢᠨ ᠵᠢᠯ ᠤᠳ ᠲᠤ᠂ ᠰᠦᠯᠢᠶᠤᠤ ᠪᠦᠷᠬᠦᠪᠴᠢ ᠶᠢᠨ ᠬᠡᠷᠡᠭᠯᠡᠯᠲᠡ ᠲᠠᠰᠤᠷᠠᠯᠳᠠ ᠦᠬᠡᠢ ᠲᠦᠭᠡᠮᠡᠯᠵᠢᠵᠦ ᠨᠡᠮᠡᠭᠳᠡᠬᠦ ᠶᠢ ᠲᠠᠭᠠᠯᠳᠤᠭᠠᠳ᠂ ᠰᠦᠯᠢᠶᠤᠤ ᠪᠦᠷᠬᠦᠪᠴᠢ ᠶᠢᠨ ᠦᠯᠡᠳᠡᠭᠳᠡᠯ ᠤᠨ ᠠᠰᠠᠭᠤᠳᠠᠯ ᠨᠢ ᠨᠢᠭᠡᠨᠲᠡ ᠬᠥᠳᠡᠭᠡ ᠲᠣᠰᠬᠤᠨ ᠤ ᠠᠮᠢ ᠠᠬᠤᠢ ᠶᠢᠨ  ᠰᠠᠶᠢᠵᠢᠷᠠᠯᠳᠠ  ᠦᠢᠯᠡᠳᠪᠦᠷᠢᠯᠡᠯ ᠤᠨ ᠬᠥᠭᠵᠢᠯᠲᠡ᠂ ᠣᠷᠴᠢᠨ ᠲᠤᠭᠤᠷᠢᠨ ᠤ ᠭᠤᠶᠤᠵᠢᠯᠲᠠ ᠶᠢ ᠨᠥᠯᠥᠭᠡᠯᠡᠬᠦ ᠴᠢᠬᠤᠯᠠ ᠬᠦᠴᠦᠨ ᠵᠦᠢᠯ ᠤᠨ ᠨᠢᠭᠡ ᠪᠣᠯᠵᠤ᠂ ᠬᠠᠶᠠᠭᠳᠠᠮᠠᠯ ᠬᠠᠭᠤᠴᠢᠨ ᠰᠦᠯᠢᠶᠤᠤ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠢ ᠨᠢᠭᠡᠨᠲᠡ ᠠᠯᠭᠤᠷᠯᠠᠵᠤ ᠪᠣᠯᠣᠰᠢ ᠦᠭᠡᠢ ᠶᠠᠪᠤᠳᠠᠯ  ᠪᠤᠯᠵᠠᠢ᠃      1. ᠬᠥᠷᠥᠰᠥ ᠰᠢᠷᠣᠢ ᠳᠤ ᠬᠤᠣᠷ ᠬᠥᠨᠥᠭᠡᠯ ᠤᠴᠠᠷᠠᠭᠤᠯᠤᠨ᠎ᠠ᠃ ᠬᠥᠷᠥᠰᠥᠨ ᠳᠤ ᠦᠯᠡᠳᠡᠭᠰᠡᠨ ᠰᠦᠯᠢᠶᠥᠦ ᠪᠦᠷᠬᠦᠪᠴᠢ ᠨᠢ ᠠᠮᠠᠷᠬᠠᠨ ᠵᠠᠳᠠᠷᠠᠳᠠᠭ ᠦᠭᠡᠢ ᠪᠣᠯᠬᠤᠷ ᠬᠥᠷᠥᠰᠥᠨ ᠤ ᠴᠢᠨᠠᠷ ᠢ ᠮᠠᠭᠤᠳᠠᠭᠤᠯᠵᠤ᠂ ᠬᠥᠷᠥᠰᠥᠨ ᠳᠣᠲᠣᠷᠠᠬᠢ ᠤᠰᠤ᠂ ᠬᠡᠢ᠂ ᠪᠣᠷᠳᠣᠭᠤᠷ ᠪᠠ ᠮᠢᠺᠷᠣᠪ ᠤᠨ ᠠᠵᠢᠯᠯᠠᠭ᠎ᠠ ᠶᠢ ᠨᠥᠯᠥᠭᠡᠯᠡᠨ᠂ ᠤᠰᠤᠨ ᠤ ᠨᠡᠪᠴᠢᠯᠲᠡ ᠶᠢ ᠬᠠᠷᠰᠢᠯᠠᠵᠤ᠂ ᠲᠠᠷᠢᠶᠠᠨ ᠭᠠᠵᠠᠷ ᠤᠨ ᠭᠠᠩ ᠬᠠᠭᠰᠠᠷᠠᠭᠠᠨ ᠲᠠᠢ ᠲᠡᠮᠡᠴᠡᠬᠦ ᠴᠢᠳᠠᠪᠤᠷᠢ ᠶᠢ ᠪᠠᠭᠤᠷᠠᠭᠤᠯᠤᠨ᠂ ᠬᠥᠷᠥᠰᠥ ᠰᠢᠷᠣᠢ ᠶᠢᠨ ᠬᠠᠲᠠᠭᠤᠷᠠᠯ ᠪᠠ ᠬᠤᠵᠢᠷᠰᠢᠯ ᠵᠡᠷᠭᠡ ᠪᠣᠶ ᠪᠣᠯᠭᠠᠳᠠᠭ᠃     2. ᠲᠠᠷᠢᠮᠠᠯ ᠳᠤ ᠬᠤᠣᠷ ᠬᠥᠨᠥᠭᠡᠯ ᠤᠴᠠᠷᠠᠭᠤᠯᠤᠨ᠎ᠠ᠃ ᠰᠦᠯᠢᠶᠥᠦ ᠪᠦᠷᠬᠦᠪᠴᠢ ᠶᠢᠨ ᠦᠯᠡᠳᠡᠭᠳᠡᠯ ᠨᠢ ᠬᠥᠷᠥᠰᠥ ᠰᠢᠷᠣᠢ ᠶᠢᠨ ᠰᠢᠮ᠎ᠡ ᠶᠢ ᠪᠠᠭᠤᠷᠠᠭᠤᠯᠤᠨ᠂ ᠲᠠᠷᠢᠮᠠᠯ ᠤᠨ ᠰᠢᠮ᠎ᠡ ᠲᠡᠵᠢᠬᠡᠯ ᠰᠢᠩᠭᠡᠬᠡᠨ ᠠᠪᠬᠤ ᠶᠢ ᠬᠠᠷᠰᠢᠯᠠᠵᠤ᠂ ᠪᠣᠷᠳᠣᠭᠤᠷ ᠤᠨ ᠠᠰᠢᠭᠯᠠᠯᠲᠠ ᠶᠢ ᠪᠠᠭᠤᠷᠠᠭᠤᠯᠬᠤ ᠪᠤᠯᠬᠤᠷ᠂ ᠲᠠᠷᠢᠮᠠᠯ ᠤᠨ ᠦᠷ᠎ᠡ ᠰᠣᠶᠣᠭᠠᠯᠠᠬᠤ ᠳᠤ ᠬᠦᠷᠢᠳᠡᠨ᠂ ᠦᠨᠳᠦᠰᠦ  ᠨᠢ ᠬᠡᠪ ᠤᠨ ᠪᠠᠶᠢᠳᠠᠯ ᠢᠶᠠᠷ ᠪᠣᠶᠢᠵᠢᠵᠤ ᠴᠢᠳᠠᠬᠤ ᠦᠭᠡᠢ ᠪᠣᠯᠵᠤ᠂ ᠡᠴᠦᠰ ᠲᠡᠭᠡᠨ ᠲᠠᠷᠢᠮᠠᠯ ᠤᠨ ᠤᠷᠭᠤᠯᠲᠠ ᠪᠠ ᠤᠨᠠᠯᠲᠠ ᠶᠢ ᠨᠦᠯᠦᠭᠡᠯᠡᠳᠡᠭ᠃      3. ᠲᠠᠷᠢᠶᠠᠯᠠᠩ ᠤᠨ ᠠᠵᠢᠯᠯᠠᠭ᠎ᠠ ᠶᠢ  ᠬᠠᠷᠰᠢᠯᠠᠨ᠎ᠠ᠃ ᠦᠯᠡᠳᠡᠭᠳᠡᠯ ᠪᠦᠷᠬᠦᠪᠴᠢ ᠨᠢ ᠲᠠᠷᠢᠶᠠᠯᠠᠩ ᠤᠨ ᠮᠠᠰᠢᠨ ᠪᠠᠭᠠᠵᠢ ᠶᠢ ᠣᠷᠢᠶᠠᠬᠤ ᠪᠤᠶᠤ ᠪᠥᠭᠯᠡᠵᠦ᠂ ᠲᠠᠷᠢᠶᠠᠯᠠᠩ ᠤᠨ ᠠᠵᠢᠯ ᠤᠨ ᠴᠢᠨᠠᠷ ᠴᠢᠨᠰᠠᠭ᠎ᠠ ᠶᠢ ᠨᠦᠯᠦᠭᠡᠯᠡᠳᠡᠭ᠃      4. ᠡᠪᠡᠰᠦ ᠪᠣᠷᠳᠣᠭᠠᠨ ᠤ ᠴᠢᠨᠠᠷ ᠢ ᠨᠥᠯᠥᠭᠡᠯᠡᠨ᠎ᠡ᠃ᠦᠯᠡᠳᠡᠭᠳᠡᠯ ᠪᠦᠷᠬᠦᠪᠴᠢ ᠨᠢ ᠲᠠᠷᠢᠮᠠᠯ ᠤᠨ ᠡᠰᠢ ᠰᠦᠷᠡᠯ ᠳᠤ ᠬᠤᠯᠢᠯᠳᠤᠨ ᠤᠷᠤᠵᠤ᠂ ᠡᠪᠡᠰᠦ ᠪᠣᠷᠳᠣᠭᠠᠨ ᠤ ᠴᠢᠨᠠᠷ ᠢ ᠮᠠᠭᠤᠳᠠᠭᠤᠯᠬᠤ ᠶᠢᠨ ᠬᠠᠮᠲᠤ᠂ ᠡᠰᠢ ᠰᠦᠷᠡᠯ ᠢ  ᠮᠠᠰᠢᠨ ᠢᠶᠠᠨ ᠪᠣᠭᠤᠵᠢᠯᠠᠬᠤ   ᠳᠤ ᠴᠤ ᠬᠠᠷᠰᠢ ᠤᠴᠠᠷᠠᠭᠤᠯᠤᠨ᠎ᠠ᠃       5. ᠮᠠᠯ ᠤᠨᠤᠭᠠᠨ ᠳᠤ  ᠬᠤᠤᠷ ᠬᠦᠨᠦᠬᠡᠯ ᠪᠤᠯᠤᠨ᠎ᠠ᠃ ᠦᠬᠡᠷ ᠬᠤᠨᠢ ᠨᠢ ᠦᠯᠡᠳᠡᠭᠳᠡᠯ ᠪᠦᠷᠬᠦᠪᠴᠢ ᠶᠢ ᠠᠳᠡᠭᠦᠷᠡᠨ ᠢᠳᠡᠪᠡᠯ᠂ ᠤᠯᠠᠭᠠᠨ ᠬᠤᠭᠤᠯᠠᠢ ᠶᠢ ᠪᠦᠭᠯᠡᠷᠡᠬᠦᠯᠦᠨ ᠰᠢᠩᠭᠡᠭᠡᠯᠲᠡ ᠶᠢ ᠨᠥᠯᠥᠭᠡᠯᠡᠵᠦ ᠦᠬᠦᠬᠦᠯᠬᠦ ᠳᠤ ᠬᠦᠷᠳᠡᠭ᠃      6. ᠪᠠᠶᠢᠭᠠᠯᠢ ᠣᠷᠴᠢᠨ ᠠᠬᠤᠢ ᠢ ᠡᠪᠳᠡᠨ᠎ᠡ  ᠃ ᠦᠯᠡᠳᠡᠭᠳᠡᠯ ᠪᠦᠷᠬᠦᠪᠴᠢ ᠨᠢ ᠬᠠᠪᠤᠷ ᠤᠨ ᠰᠠᠯᠬᠢᠨ ᠳᠤ ᠬᠡᠶᠢᠰᠴᠦ ᠲᠠᠷᠬᠠᠭᠠᠳ᠂ ᠬᠥᠳᠡᠭᠡ ᠲᠣᠰᠬᠤᠨ ᠤ ᠦᠩᠭᠡ ᠦᠵᠡᠮᠵᠢ ᠶᠢ ᠨᠦᠯᠦᠭᠡᠯᠡᠵᠦ᠂  ᠶᠠᠭᠠᠬᠢᠬᠤ ᠶᠢᠨ ᠠᠷᠭ᠎ᠠ ᠦᠬᠡᠢ ︽ᠬᠠᠷᠠᠭᠠᠨ   ᠤ ᠪᠣᠬᠢᠷᠲᠤᠯ︾ ᠢ ᠪᠣᠶ ᠪᠣᠯᠭᠠᠳᠠᠭ᠃      ᠬᠤᠶᠠᠷ᠂ ᠰᠦᠯᠢᠶᠥᠦ ᠪᠦᠷᠬᠦᠪᠴᠢ ᠶᠢ ᠴᠠᠭ ᠲᠤᠬᠠᠢ ᠳᠤᠨᠢ ᠬᠤᠷᠢᠶᠠᠨ ᠠᠪᠬᠤ ᠶᠢ ᠰᠠᠨᠠᠭᠤᠯᠤᠶ᠎ᠠ᠃  ᠲᠦᠮᠦᠰᠦ ᠨᠤᠭᠤᠭ᠎ᠠ ᠪᠠᠨ ᠲᠠᠷᠢᠬᠤ ᠠᠴᠠ ᠡᠮᠦᠨ᠎ᠡ ᠪᠠ  ᠬᠤᠷᠢᠶᠠᠭᠰᠠᠨ ᠤ ᠳᠠᠷᠠᠭ᠎ᠠ᠂ ᠲᠠᠷᠢᠶᠠᠨ ᠭᠠᠵᠠᠷ ᠲᠤ ᠦᠯᠡᠳᠡᠭᠳᠡᠵᠦ ᠪᠠᠶᠢᠭ᠎ᠠ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠴᠠᠭ ᠲᠤᠬᠠᠢ ᠳᠤᠨᠢ ᠲᠡᠭᠦᠵᠦ ᠴᠡᠪᠡᠷᠯᠡᠨ᠂ ᠬᠤᠷᠢᠶᠠᠨ ᠴᠤᠭᠯᠠᠭᠤᠯᠵᠤ᠂ ᠬᠤᠷᠢᠶᠠᠨ ᠠᠪᠬᠤ ᠴᠢᠭ᠋ ᠲᠤ ᠲᠤᠰᠢᠶᠠᠵᠤ ᠲᠥᠪᠯᠡᠷᠡᠭᠦᠯᠦᠨ ᠰᠢᠢᠳᠪᠦᠷᠢᠯᠡᠬᠦ ᠪᠤᠶᠤ ᠲᠣᠭᠲᠠᠭᠰᠠᠨ ᠬᠤᠭ ᠨᠣᠪᠰᠢ ᠵᠦᠬᠡᠬᠡᠪᠦᠷᠢᠯᠡᠬᠦ ᠭᠠᠵᠠᠷ ᠲᠤ ᠬᠦᠷᠭᠡᠵᠦ᠂ ᠠᠮᠢᠳᠤᠷᠠᠯ ᠤᠨ ᠬᠤᠭ ᠨᠣᠪᠰᠢ ᠲᠠᠢ ᠬᠠᠮᠲᠤ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠂ ᠲᠡᠬᠦᠵᠦ ᠭᠠᠷᠭᠠᠭᠰᠠᠨ ᠦᠯᠡᠳᠡᠭᠳᠡᠯ ᠪᠦᠷᠬᠦᠪᠴᠢ ᠪᠠᠨ  ᠲᠠᠷᠢᠶᠠᠨ ᠵᠠᠬ᠎ᠠ ᠳᠤ ᠬᠠᠶᠠᠵᠤ ᠪᠣᠯᠬᠤ ᠦᠭᠡᠢ᠂     ᠠᠳᠡ ᠲᠡᠨᠳᠡ ᠬᠠᠶᠠᠬᠤ ᠪᠤᠶᠤ ᠳᠤᠷ᠎ᠠ ᠪᠠᠷ ᠢᠶᠠᠨ ᠰᠢᠳᠠᠭᠠᠵᠤ ᠪᠤᠯᠬᠤ ᠦᠬᠡᠢ᠃     ᠭᠤᠷᠪᠠ᠂ ᠰᠦᠯᠢᠶᠥᠦ ᠪᠦᠷᠬᠦᠪᠴᠢ ᠪᠠᠨ ᠬᠤᠷᠢᠶᠠᠵᠤ ᠠᠪᠬᠤ ᠦᠭᠡᠢ ᠪᠣᠯ ᠰᠢᠳᠬᠡᠯ ᠲᠤᠷᠭᠠᠭᠤᠯᠢ ᠳᠤ ᠤᠨᠤᠭᠳᠠᠨ᠎ᠠ ᠭᠡᠳᠡᠭ ᠢ ᠰᠠᠨᠠᠭᠤᠯᠤᠶ᠎ᠠ᠃ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠳᠤᠷ᠎ᠠ ᠪᠠᠷ ᠢᠶᠠᠨ ᠬᠠᠶᠠᠬᠤ ᠪᠤᠶᠤ ᠰᠢᠲᠠᠭᠠᠬᠤ ᠶᠢ ᠴᠢᠩᠭ᠎ᠠ ᠴᠠᠭᠠᠵᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠨᠠᠶᠠᠨ ᠨᠠᠢᠮᠠᠳᠤᠭᠠᠷ ᠵᠤᠷᠪᠤᠰ ᠶᠣᠰᠣᠭᠠᠷ᠂ ᠲᠠᠷᠢᠶᠠᠯᠠᠩ ᠤᠨ  ᠭᠡᠷᠡᠭᠰᠡᠯ ᠤᠨ ᠦᠢᠯᠡᠳᠪᠦᠷᠢᠯᠡᠭᠴᠢ᠂ ᠪᠣᠷᠣᠯᠠᠭᠤᠯᠤᠭᠴᠢ᠂ ᠬᠡᠷᠡᠭᠯᠡᠭᠴᠢ ᠨᠢ ᠲᠦᠷᠢᠮ ᠲᠣᠭᠲᠠᠭᠠᠯ ᠶᠣᠰᠣᠭᠠᠷ ᠲᠠᠷᠢᠶᠠᠯᠠᠩ ᠤᠨ ᠭᠡᠷᠡᠭᠰᠡᠯ ᠤᠨ ᠪᠣᠭᠤᠳᠠᠯ ᠪᠠᠭᠯᠠᠭᠠᠨ ᠤ ᠬᠠᠶᠠᠭᠳᠠᠮᠠᠯ ᠪᠣᠳᠠᠰ ᠪᠤᠶᠤ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ   ᠪᠠᠨ ᠴᠠᠭ ᠲᠤᠬᠠᠢ ᠳᠤᠨᠢ ᠬᠤᠷᠢᠶᠠᠨ ᠠᠪᠤᠭᠰᠠᠨ ᠦᠭᠡᠢ ᠪᠤᠶᠤ ᠲᠤᠰᠬᠠᠢ ᠪᠠᠶᠢᠭᠤᠯᠤᠮᠵᠢ ᠳᠤ ᠲᠤᠰᠢᠶᠠᠵᠤ ᠬᠤᠣᠷ ᠦᠭᠡᠶᠢᠵᠢᠭᠦᠯᠦᠨ ᠰᠢᠢᠳᠪᠦᠷᠢᠯᠡᠭᠦᠯᠦᠭᠰᠡᠨ ᠦᠬᠡᠢ ᠪᠤᠯ᠂ ᠲᠠᠷᠢᠶᠠᠯᠠᠩ ᠮᠠᠯ ᠠᠵᠤ ᠠᠬᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠱᠠᠭᠠᠷᠳᠠᠨ  ᠵᠠᠯᠠᠷᠠᠭᠤᠯᠬᠤ ᠶᠢᠨ ᠬᠠᠮᠳᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠲᠤᠷᠤᠭᠰᠢ ᠵᠣᠭᠤᠰ ᠮᠦᠩᠬᠦ ᠪᠠᠷ ᠲᠤᠷᠭᠠᠵᠤ ᠰᠢᠳᠬᠡᠨ᠎ᠡ᠃  ᠬᠡᠷᠡᠭᠯᠡᠭᠴᠢ ᠨᠢ ᠭᠡᠷᠪᠡ ᠬᠤᠪᠢ ᠬᠥᠮᠥᠨ  ᠪᠤᠯ ᠬᠤᠶᠠᠷ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠲᠤᠷᠤᠭᠰᠢ ᠵᠣᠭᠤᠰ ᠮᠦᠩᠬᠦ ᠪᠠᠷ ᠲᠤᠷᠭᠠᠵᠤ ᠪᠣᠯᠣᠨ᠎ᠠ᠃       ᠳᠥᠷᠪᠡ᠂ ᠰᠦᠯᠢᠶᠥᠦ ᠪᠦᠷᠬᠦᠪᠴᠢ ᠬᠤᠳᠠᠯᠳᠤᠨ ᠠᠪᠬᠤ ᠳᠠᠭᠠᠨ ᠪᠣᠯᠭᠤᠮᠵᠢᠲᠠᠢ ᠪᠠᠶᠢᠬᠤ ᠶᠢ ᠰᠠᠨᠠᠭᠤᠯᠤᠶ᠎ᠠ᠃ ᠤᠯᠤᠰ ᠠᠴᠠ ᠰᠦᠯᠢᠶᠥᠦ ᠪᠦᠷᠬᠦᠪᠴᠢ ᠳᠤ ᠠᠯᠪᠠᠳᠠᠯᠭ᠎ᠠ ᠶᠢᠨ ᠴᠢᠨᠠᠷᠲᠠᠢ  ᠪᠠᠷᠢᠮᠵᠢᠶ᠎ᠠ ᠲᠤᠭᠳᠠᠭᠠᠭᠰᠠᠨ ᠪᠠᠶᠢᠳᠠᠭ᠂  ᠬᠤᠳᠠᠯᠳᠤᠨ ᠠᠪᠬᠤ ᠳᠠᠭᠠᠨ  ᠡᠷᠭᠡᠪᠰᠢ ᠬᠤᠶᠠᠷ ᠵᠠᠩᠭᠢᠯᠠᠭ᠎ᠠ ᠶᠢ ᠲᠣᠳᠣᠷᠬᠠᠢ ᠲᠠᠨᠢᠬᠤ ᠬᠡᠷᠡᠭᠲᠡᠢ᠄  ᠨᠢᠬᠡ ᠳᠤ᠂ ᠰᠦᠯᠢᠶᠥᠦ ᠪᠦᠷᠬᠦᠪᠴᠢ ᠶᠢᠨ ᠵᠤᠵᠠᠭᠠᠨ ᠤ ᠬᠡᠮᠵᠢᠶ᠎ᠡ ᠨᠢ 0.01 ᠮᠢᠯᠢᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠃  ᠬᠤᠶᠠᠷ ᠲᠤ᠂ ᠰᠦᠯᠢᠶᠥᠦ ᠪᠦᠷᠬᠦᠪᠴᠢ ᠳᠤ ᠡᠷᠬᠡᠪᠰᠢ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠲᠠᠢ ᠪᠠᠶᠢᠵᠤ᠂  ᠦᠨᠡᠮᠯᠡᠯ ᠲᠡᠭᠡᠷ᠎ᠡ ᠪᠠᠨ ︽ᠬᠡᠷᠡᠭᠯᠡᠭᠰᠡᠨ ᠤ ᠳᠠᠷᠠᠭ᠎ᠠ ᠬᠤᠷᠢᠶᠠᠨ ᠠᠪᠴᠤ ᠠᠰᠢᠭᠯᠠᠨ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠨ᠎ᠠ︾ ᠭᠡᠰᠡᠨ ᠦᠰᠦᠭ ᠲᠠᠢ ᠪᠠᠶᠢᠪᠠᠯ ᠵᠤᠬᠢᠨ᠎ᠠ᠃ ᠰᠦᠯᠢᠶᠥᠦ ᠪᠦᠷᠬᠦᠪᠴᠢ ᠬᠤᠳᠠᠯᠳᠤᠨ ᠠᠪᠬᠤ ᠳᠠᠭᠠᠨ ᠲᠡᠮᠳᠡᠭ ᠪᠠᠷᠢᠮᠳᠠ ᠪᠠᠨ ᠠᠪᠴᠤ ᠰᠠᠶᠢᠲᠤᠷ ᠬᠠᠳᠠᠭᠠᠯᠠᠬᠤ ᠬᠡᠷᠡᠭᠲᠡᠢ᠃  0.015 ᠮᠢᠯᠢᠮᠧᠲᠷ ᠠᠴᠠ ᠵᠤᠵᠠᠭᠠᠨ  ᠴᠢᠨᠠᠷ ᠰᠠᠶᠢᠳᠠᠢ ᠰᠦᠯᠢᠶᠥᠦ ᠪᠦᠷᠬᠦᠪᠴᠢ ᠪᠠ ᠠᠮᠠᠷᠬᠠᠨ ᠠᠭᠤᠰᠴᠤ ᠵᠠᠳᠠᠷᠠᠬᠤ ᠰᠦᠯᠢᠶᠥᠦ ᠪᠦᠷᠬᠦᠪᠴᠢ ᠶᠢ ᠢᠳᠡᠪᠬᠢᠲᠡᠢ ᠪᠠᠷ ᠬᠡᠷᠡᠭᠯᠡᠬᠦ ᠶᠢ ᠰᠠᠨᠠᠭᠠᠴᠢᠯᠠᠨ᠎ᠠ᠃ ᠬᠤᠳᠠᠯᠳᠤᠨ ᠠᠪᠬᠤ ᠳᠠᠭᠠᠨ  ᠬᠢᠷᠢ ᠲᠡᠩᠴᠡᠭᠰᠡᠨ ᠦᠨᠡᠮᠯᠡᠯ ᠢ ᠨᠠᠷᠢᠨ ᠦᠵᠡᠵᠦ᠂  ᠢᠯᠠᠩᠭᠤᠶ᠎ᠠ ᠬᠦᠴᠦᠨ ᠲᠠᠢ ᠬᠤᠭᠤᠴᠠᠭ᠎ᠠ ︵ Ⅰ 60 ᠡᠳᠦᠷ᠂ Ⅱ  90 ᠡᠳᠦᠷ  ᠂ Ⅲ 120 ᠡᠳᠦᠷ  ᠂ Ⅳ  120 ᠡᠳᠦᠷ ᠠᠴᠠ ᠲᠡᠭᠡᠭᠰᠢ ᠭᠡᠵᠦ ᠳᠥᠷᠪᠡᠨ ᠲᠥᠷᠥᠯ ᠳᠤ ᠬᠤᠪᠢᠶᠠᠳᠠᠭ︶ ᠶᠢ ᠠᠩᠬᠠᠷᠬᠤ ᠬᠡᠷᠡᠭᠲᠡᠢ  ᠃   ᠰᠦᠯᠢᠶᠥᠦ ᠪᠦᠷᠬᠦᠪᠴᠢ ᠶᠢ ᠴᠡᠪᠡᠷᠬᠡᠨ ᠬᠠᠭᠤᠷᠠᠢ ᠭᠠᠵᠠᠷ ᠲᠤ  ᠬᠠᠳᠠᠭᠠᠯᠠᠨ᠎ᠠ᠂  ᠬᠠᠳᠠᠭᠠᠯᠠᠬᠤ ᠬᠤᠭᠤᠴᠠᠭ᠎ᠠ ᠨᠢ 8 ᠰᠠᠷ᠎ᠠ  ᠃     ᠥᠷᠭᠡᠨ ᠤᠯᠠᠨ ᠮᠠᠯᠴᠢᠨ ᠲᠠᠷᠢᠶᠠᠴᠢᠨ ᠨᠠᠶᠢᠵᠠ ᠨᠠᠷ ᠡ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠮᠢᠩᠭᠠᠨ ᠣᠨ ᠤ ᠶᠡᠭᠡ ᠪᠣᠳᠣᠯᠭ᠎ᠠ ᠳᠤ ᠬᠤᠯᠪᠣᠭᠳᠠᠨ᠎ᠠ᠃  ᠲᠠᠷᠢᠶᠠᠨ ᠭᠠᠵᠠᠷ ᠢᠶᠠᠨ ᠬᠠᠮᠠᠭᠠᠯᠠᠵᠤ  ᠣᠷᠴᠢᠨ ᠲᠣᠭᠤᠷᠢᠨ ᠢᠶᠠᠨ ᠰᠠᠶᠢᠵᠢᠷᠠᠭᠤᠯᠬᠤ ᠪᠣᠯ ᠪᠢᠳᠡ ᠪᠦᠬᠦᠨ ᠤ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ ᠭᠡᠷᠡᠭᠯᠡᠬᠦ ᠳᠤ ᠤᠯᠠᠨ ᠲᠦᠮᠡᠨ ᠤ ᠣᠶᠢᠯᠠᠭᠠᠯᠲᠠ᠂ ᠣᠷᠤᠯᠴᠠᠯᠭ᠎ᠠ ᠪᠠ ᠴᠢᠷᠮᠠᠶᠢᠯᠭ᠎ᠠ ᠨᠡᠩ ᠱᠠᠭᠠᠷᠳᠠᠭᠳᠠᠨ᠎ᠠ᠃ ᠡᠶᠢᠮᠦ ᠠᠴᠠ᠂ ᠰᠦᠯᠢᠶᠥᠦ ᠪᠦᠷᠬᠦᠪᠴᠢ ᠶᠢᠨ ᠦᠢᠯᠡᠳᠪᠦᠷᠢᠯᠡᠭᠴᠢ᠂ ᠪᠣᠷᠣᠯᠠᠭᠤᠯᠤᠭᠴᠢ᠂ ᠬᠡᠷᠡᠭᠯᠡᠭᠴᠢ ᠨᠢᠬᠡᠪᠦᠷᠢ   ᠶᠢᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠬᠦ ᠶᠢ ᠬᠦᠰᠡᠵᠦ ᠪᠠᠶᠢᠨ᠎ᠠ᠃ ᠰᠦᠯᠢᠶᠥᠦ ᠪᠦᠷᠬᠦᠪᠴᠢ   ᠶᠢ ᠵᠦᠢ ᠵᠣᠬᠢᠰᠲᠠᠢ ᠬᠡᠷᠡᠭᠯᠡᠨ᠂ ᠰᠢᠨᠵᠢᠯᠡᠬᠦ ᠤᠬᠠᠭᠠᠨᠴᠢ ᠪᠠᠷ  ᠭᠡᠷᠡᠭᠯᠡᠵᠦ᠂  ᠦᠯᠡᠳᠡᠭᠳᠡᠯ ᠪᠦᠷᠬᠦᠪᠴᠢ ᠶᠢ ᠤᠬᠠᠮᠰᠠᠷ  ᠠᠴᠠ ᠪᠠᠨ ᠲᠡᠬᠦᠵᠦ ᠴᠡᠪᠡᠷᠯᠡᠨ᠂  ᠣᠷᠴᠢᠨ ᠲᠣᠭᠤᠷᠢᠨ ᠢᠶᠠᠨ ᠬᠠᠮᠠᠭᠠᠯᠠᠵᠤ᠂  ᠠᠮᠢ ᠠᠬᠤᠢ ᠪᠠᠨ ᠰᠠᠶᠢᠵᠢᠷᠠᠭᠤᠯᠤᠨ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠲᠠᠶᠢᠹᠤᠰᠧ ᠬᠤᠰᠢᠭᠤ ᠶᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠬᠦᠯᠵᠡᠭᠡᠶ᠎ᠡ᠃                                            ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ                      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ                                 2024 ᠣᠨ ᠤ 3 ᠰᠠᠷ᠎ᠠ ᠶᠢᠨ 11 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号