ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠠᠤᠯᠢ ᠪᠤᠰᠤ  ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/26
   ᠤᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠨ᠂ ᠡᠯ᠎ᠡ ᠵᠦᠢᠯ ᠤᠨ ᠭᠠᠵᠢᠭᠤ ᠨᠣᠮᠯᠠᠯ ᠤᠨ ᠬᠠᠤᠯᠢ  ᠪᠤᠰᠤ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ  ᠦᠭᠬᠦ ᠶᠢᠨ ᠲᠦᠯᠦᠭᠡ᠂  2024 ᠣᠨ ᠤ 3 ᠰᠠᠷ᠎ᠠ ᠶᠢᠨ 22 ᠤᠨ ᠡᠳᠦᠷ ᠠᠴᠠ  12 ᠰᠠᠷ᠎ᠠ ᠶᠢᠨ 31 ᠤ ᠡᠳᠦᠷ ᠪᠣᠯᠲᠠᠯ᠎ᠠ ᠨᠡᠶᠢᠭᠡᠮ ᠨᠡᠶᠢᠲᠡ ᠠᠴᠠ ᠭᠠᠵᠢᠭᠤ ᠨᠣᠮᠯᠠᠯ ᠤᠨ ᠬᠠᠤᠯᠢ ᠪᠤᠰᠤ ᠶᠠᠯᠠᠲᠤ ᠠᠵᠢᠯᠯᠠᠭᠠᠨ ᠤ ᠰᠦᠪᠡᠭᠴᠢ ᠶᠢ ᠢᠯᠡ ᠪᠠᠷ ᠴᠤᠭᠯᠠᠭᠤᠯᠬᠤ ᠪᠠᠷ ᠪᠤᠯᠪᠠ᠂ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄    ᠨᠢᠭᠡ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ  ᠄  ︽110︾  ᠳᠤ  ᠤᠳᠠᠰᠤᠳᠠᠨ᠎ᠠ᠃    ᠬᠤᠶᠠᠷ᠂ ᠮᠡᠳᠡᠬᠦᠯᠬᠦ ᠠᠭᠤᠯᠭ᠎ᠠ ᠪᠠ ᠱᠠᠩᠨᠠᠬᠤ ᠪᠠᠷᠢᠮᠵᠢᠶ᠎ᠠ  ᠄ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ ᠪᠠᠷ ᠬᠤᠷᠠᠯ ᠴᠤᠭᠯᠠᠭᠠᠨ ᠬᠢᠬᠦ᠂   ᠭᠠᠵᠢᠭᠤ  ᠨᠤᠮᠯᠠᠯ ᠤᠨ ᠤᠬᠠᠭᠤᠯᠭ᠎ᠠ ᠶᠢᠨ ᠮᠠᠲ᠋ᠧᠷᠢᠶᠠᠯ   ᠢ ᠦᠢᠯᠡᠳᠦᠨ ᠲᠠᠷᠬᠠᠭᠠᠬᠤ ᠪᠠ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠲᠤ ᠭᠠᠵᠢᠭᠤ ᠨᠣᠮᠯᠠᠯ ᠤᠨ ᠠᠭᠤᠯᠭ᠎ᠠ ᠶᠢ ᠤᠬᠠᠭᠤᠯᠬᠤ ᠵᠡᠷᠭᠡ ᠭᠠᠵᠢᠭᠤ ᠨᠣᠮᠯᠠᠯ ᠤᠨ ᠠᠵᠢᠯᠯᠠᠭᠠᠨ ᠤ ᠰᠦᠪᠡᠭᠴᠢ ᠶᠢ ᠬᠠᠩᠭᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠴᠠᠭᠠᠨ ᠲᠣᠳᠣᠯᠠᠭᠠᠳ ᠦᠨᠡᠨ ᠪᠤᠳᠠᠳᠠᠢ ᠪᠤᠯ ᠬᠠᠮᠢᠶ᠎ᠠ ᠪᠦᠬᠦᠢ ᠲᠣᠭᠲᠠᠭᠠᠯ ᠶᠣᠰᠣᠭᠠᠷ 100 ᠲᠥᠭᠦᠷᠢᠭ ᠠᠴᠠ 3000 ᠲᠥᠭᠦᠷᠢᠭ ᠤᠨ ᠱᠠᠩᠨᠠᠯ ᠣᠯᠭᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠯᠡᠷᠡᠭᠦᠯᠦᠭᠰᠡᠨ ᠬᠦᠨᠳᠦ ᠶᠡᠭᠡ ᠬᠡᠷᠡᠭ ᠲᠤ ᠪᠤᠰᠤᠳ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠪᠠᠶᠢᠳᠠᠯ ᠢ ᠨᠢ ᠦᠵᠡᠵᠦ ᠪᠠᠶᠢᠭᠠᠳ ᠨᠡᠩ  ᠶᠡᠭᠡ ᠱᠠᠩᠨᠠᠯ ᠢ ᠣᠯᠭᠤᠨ᠎ᠠ᠃    ᠭᠤᠷᠪᠠ᠂ ᠠᠩᠬᠠᠷᠬᠤ ᠵᠦᠢᠯ    1. ᠱᠠᠩᠨᠠᠬᠤ ᠨᠢᠭᠤᠷᠯᠠᠯ ᠨᠢ ᠲᠠᠶᠢᠹᠤᠰᠧ ᠬᠤᠰᠢᠭᠤᠨ ᠤ ᠬᠡᠪᠴᠢᠶᠡᠨ ᠳᠠᠬᠢ ᠭᠠᠵᠢᠭᠤ ᠨᠣᠮᠯᠠᠯ ᠤᠨ ᠬᠠᠤᠯᠢ ᠪᠤᠰᠤ ᠶᠠᠯᠠᠲᠤ ᠠᠵᠢᠯᠯᠠᠭᠠᠨ ᠤ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ᠢᠯᠡᠴᠢᠯᠡᠨ ᠮᠡᠳᠡᠭᠦᠯᠦᠭᠴᠢ ᠭᠡᠵᠦ ᠲᠣᠪᠴᠢᠯᠠᠨ᠎ᠠ︶ ᠪᠤᠯᠤᠨ᠎ᠠ᠃                                                                            2. ᠢᠯᠡᠴᠢᠯᠡᠨ ᠮᠡᠳᠡᠬᠦᠯᠬᠦ ᠠᠭᠤᠯᠭ᠎ᠠ ᠨᠢ ᠦᠨᠡᠨ  ᠂  ᠢᠯᠡᠴᠢᠯᠡᠨ ᠮᠡᠳᠡᠭᠦᠯᠬᠦ ᠨᠢᠭᠤᠷᠯᠠᠯ ᠨᠢ ᠲᠤᠳᠤᠷᠬᠠᠢ᠂ ᠢᠯᠡᠴᠢᠯᠡᠨ ᠮᠡᠳᠡᠬᠦᠯᠬᠦ ᠶᠠᠪᠤᠳᠠᠯ ᠨᠢ ᠦᠨᠳᠦᠰᠦᠯᠡᠯ ᠲᠠᠢ ᠪᠠᠶᠢᠬᠤ   ᠶᠢ ᠱᠠᠭᠠᠷᠳᠠᠨ᠎ᠠ᠃    3. ᠢᠯᠡᠴᠢᠯᠡᠨ ᠮᠡᠳᠡᠭᠦᠯᠦᠭᠰᠡᠨ ᠪᠣᠳᠠᠲᠤ ᠶᠠᠪᠤᠳᠠᠯ ᠪᠠ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠯᠡᠴᠢᠯᠡᠨ ᠮᠡᠳᠡᠭᠦᠯᠦᠭᠴᠢ ᠠᠴᠠ ᠤᠷᠢᠳᠠᠪᠠᠷ ᠡᠵᠡᠮᠰᠢᠭᠰᠡᠨ  ᠪᠠᠶᠢᠳᠠᠯ ᠳᠤ ᠱᠠᠩᠨᠠᠯ ᠤᠯᠭᠤᠬᠤ ᠦᠬᠡᠢ᠃    4. ᠮᠡᠳᠡᠭᠦᠯᠦᠯᠲᠡ ᠶᠢ ᠭᠥᠯᠢᠶᠡᠨ ᠠᠪᠤᠭᠰᠠᠨ ᠨᠢᠭᠡᠴᠡ ᠪᠠ ᠠᠵᠢᠯᠲᠠᠨ ᠨᠢ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠶᠢᠨ ᠬᠠᠮᠲᠤ᠂ ᠢᠯᠡᠴᠢᠯᠡᠨ ᠮᠡᠳᠡᠭᠦᠯᠦᠭᠴᠢ ᠶᠢᠨ ᠪᠡᠶ᠎ᠡ ᠶᠢᠨ ᠠᠮᠤᠷ ᠲᠦᠪᠰᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃    5. ᠤᠯᠠᠨ ᠬᠥᠮᠥᠨ ᠠᠳᠠᠯᠢ ᠨᠢᠭᠡᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠤᠯ᠂ ᠢᠯᠡᠴᠢᠯᠡᠨ ᠮᠡᠳᠡᠬᠦᠯᠦᠭᠰᠡᠨ ᠲᠡᠰ ᠳᠠᠷᠠᠭᠠᠯᠠᠯ ᠢᠶᠠᠷ ᠨᠢ ᠵᠥᠪᠬᠡᠨ ᠨᠢᠬᠡᠳᠦᠭᠡᠷ ᠢᠯᠡᠴᠢᠯᠡᠨ ᠮᠡᠳᠡᠬᠦᠯᠦᠭᠴᠢ ᠶᠢ ᠱᠠᠩᠨᠠᠨ᠎ᠠ᠃    6. ᠭᠠᠵᠢᠭᠤ ᠨᠣᠮᠯᠠᠯ ᠳᠤ ᠬᠤᠯᠪᠣᠭᠳᠠᠭᠰᠠᠨ ᠬᠠᠤᠯᠢ ᠪᠤᠰᠤ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠡᠷᠭᠡᠪᠰᠢ ᠦᠨᠡᠨ ᠮᠥᠨ ᠢᠶᠠᠷ ᠨᠢ ᠲᠤᠰᠬᠠᠬᠤ ᠭᠡᠷᠡᠭᠳᠡᠢ᠃ ᠢᠯᠡᠴᠢᠯᠡᠨ ᠮᠡᠳᠡᠭᠦᠯᠬᠦ ᠨᠡᠷ᠎ᠡ ᠪᠠᠷ ᠪᠤᠰᠤᠳ ᠢ  ᠬᠦᠳᠭᠡᠵᠦ ᠬᠦᠵᠢᠷᠯᠡᠬᠦ᠂ ᠬᠤᠳᠠᠯ ᠬᠠᠭᠤᠷᠮᠠᠭ ᠮᠡᠳᠡᠭᠡ ᠵᠠᠩᠭᠢ ᠵᠤᠬᠢᠶᠠᠵᠤ ᠲᠠᠷᠬᠠᠭᠠᠬᠤ᠂ ᠬᠤᠳᠠᠯ ᠬᠠᠭᠤᠷᠮᠠᠭ ᠢᠶᠠᠷ ᠢᠯᠡᠴᠢᠯᠡᠨ ᠮᠡᠳᠡᠬᠦᠯᠬᠦ ᠵᠡᠷᠭᠡ ᠦᠢᠯᠡ ᠠᠵᠢᠯᠯᠠᠭ᠎ᠠ ᠬᠢᠪᠡᠯ ᠵᠤᠬᠢᠬᠤ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠤᠰ ᠠᠯᠪᠠᠨ ᠵᠠᠷᠯᠠᠯ ᠤᠨ ᠲᠠᠶᠢᠯᠪᠤᠷᠢᠯᠠᠬᠤ ᠡᠷᠬᠡ ᠨᠢ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠳᠤ ᠥᠮᠴᠢᠯᠡᠭᠳᠡᠨ᠎ᠡ᠃                                                                           ᠲᠠᠶᠢᠹᠤᠰᠧ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ           ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                     2024 ᠣᠨ ᠤ 3 ᠰᠠᠷ᠎ᠠ ᠶᠢᠨ 22  ᠤᠨ ᠡᠳᠦᠷ    
 
ᠢᠷᠡᠯᠲᠡ᠄ ᠲᠠᠶᠢᠹᠤᠰᠧ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号