ᠪᠣᠯᠪᠠᠰᠤᠨ ᠳᠠᠬᠢᠯᠭ᠎ᠠ ᠬᠢᠵᠦ ᠰᠢᠨ᠎ᠡ ᠰᠤᠷᠲᠠᠯ ᠢ ᠲᠡᠯᠬᠡᠷᠡᠬᠦᠯᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/26
ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠳᠤ᠄    2024 ᠣᠨ ᠤ ᠬᠠᠩᠰᠢ ᠶᠢᠨ ᠡᠳᠦᠷ ᠢᠷᠡᠵᠦ ᠪᠠᠶᠢᠭ᠎ᠠ ᠲᠠᠰᠢᠷᠠᠮ ᠳᠤ᠂ ᠡᠷᠡᠭᠦᠯ ᠪᠣᠯᠪᠠᠰᠤᠨ᠂  ᠪᠤᠬᠢᠷᠳᠤᠯ ᠪᠠᠭ᠎ᠠ᠂ ᠡᠮᠬᠢ ᠲᠢᠭᠯᠡᠮ ᠲᠠᠢ ᠠᠷᠭ᠎ᠠ ᠬᠡᠯᠪᠡᠷᠢ ᠪᠠᠷ ᠳᠠᠬᠢᠯᠭ᠎ᠠ ᠲᠠᠶᠢᠯᠭ᠎ᠠ ᠬᠢᠵᠦ᠂ ᠠᠮᠤᠷ ᠠᠮᠤᠭᠤᠯᠠᠩ ᠪᠣᠯᠪᠠᠰᠤᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠵᠤ ᠪᠠᠶᠢᠨ᠎ᠠ᠄    ᠨᠢᠭᠡ᠂ ᠪᠣᠯᠪᠠᠰᠤᠨ ᠳᠠᠬᠢᠯᠭ᠎ᠠ ᠲᠠᠶᠢᠯᠭ᠎ᠠ ᠶᠢ ᠰᠠᠨᠠᠭᠠᠴᠢᠯᠠᠨ᠎ᠠ᠃  ᠪᠥᠬᠦ ᠬᠤᠰᠢᠭᠤᠨ ᠤ ᠣᠯᠠᠨ ᠲᠦᠮᠡᠨ ᠪᠣᠯᠪᠠᠰᠤᠨ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠰᠢᠯᠢᠳᠡᠭ ᠰᠠᠶᠢᠬᠠᠨ ᠭᠡᠷ ᠤᠨ ᠰᠤᠷᠲᠠᠯ ᠢ ᠤᠯᠠᠮᠵᠢᠯᠠᠨ᠂  ᠰᠢᠨ᠎ᠡ ᠴᠠᠭ ᠦᠶ᠎ᠡ ᠶᠢᠨ ᠪᠣᠯᠪᠠᠰᠤᠨ ᠠᠷᠭ᠎ᠠ ᠬᠡᠯᠪᠡᠷᠢ ᠪᠠᠷ ᠨᠦᠭᠴᠢᠭᠰᠡᠳ ᠢᠶᠠᠨ ᠳᠤᠷᠠᠰᠤᠨ ᠮᠦᠷᠦᠭᠡᠳᠬᠦ ᠶᠢ ᠰᠠᠨᠠᠭᠤᠯᠤᠶ᠎ᠠ᠃ ᠵᠠᠩ ᠳᠠᠳᠬᠠᠯ ᠤᠨ ᠦᠬᠡᠷᠡᠴᠢᠯᠡᠯᠳᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠣᠷᠣᠰᠢᠭᠤᠯᠭ᠎ᠠ ᠶᠢᠨ ᠮᠠᠭᠤ ᠳᠠᠳᠬᠠᠯ ᠢ ᠲᠠᠶᠠᠭᠳᠠᠨ᠂ ᠲᠠᠬᠢᠯᠭ᠎ᠠ ᠶᠢᠨ ᠠᠵᠢᠯᠯᠠᠭ᠎ᠠ ᠳᠤᠮᠳᠠᠬᠢ ᠮᠤᠬᠤᠷ ᠪᠢᠰᠢᠷᠡᠯ ᠤᠨ ᠵᠦᠢᠯᠡᠰ ᠢ ᠬᠤᠷᠢᠭᠯᠠᠵᠤ᠂ ᠤᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠬᠤ᠂ ᠲᠠᠬᠢᠯᠭ᠎ᠠ ᠶᠢᠨ ᠡᠳ᠋ ᠦᠷᠦᠬᠦ ᠶᠢ ᠴᠡᠭᠡᠷᠯᠡᠨ᠂  ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃       ᠬᠤᠶᠠᠷ᠂ ᠠᠮᠤᠷ ᠲᠦᠪᠰᠢᠨ ᠲᠠᠬᠢᠯᠭ᠎ᠠ ᠲᠠᠶᠢᠯᠭ᠎ᠠ ᠶᠢ ᠰᠠᠨᠠᠭᠠᠴᠢᠯᠠᠨ᠎ᠠ  ᠃ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠠᠤᠯᠢ ᠲᠦᠷᠢᠮ ᠢ ᠴᠢᠩᠭ᠎ᠠ ᠵᠢᠷᠤᠮᠯᠠᠵᠤ᠂ ᠨᠣᠴᠣᠮᠠᠲᠠᠭᠠᠢ ᠪᠤᠳᠠᠰ᠂ ᠳᠡᠯᠪᠡᠷᠡᠮᠡᠲᠡᠭᠡᠢ ᠪᠣᠳᠠᠰ ᠢ ᠤᠢ ᠮᠤᠳᠤ ᠡᠪᠡᠰᠦ ᠪᠡᠯᠴᠢᠭᠡᠷ ᠲᠤ ᠠᠪᠴᠤ ᠤᠷᠤᠬᠤ  ᠂ ᠨᠡᠶᠢᠲᠡ ᠶᠢᠨ ᠣᠩᠭᠤᠨ ᠤ ᠭᠠᠵᠠᠷ᠂ ᠠᠭᠤᠯᠠᠨ ᠣᠷᠣᠢ᠂  ᠤᠢ ᠮᠤᠳᠤ  ᠵᠢᠴᠢ ᠲᠡᠳᠡᠭᠡᠷ ᠤᠨ ᠤᠶᠢᠷ᠎ᠠ ᠬᠠᠪᠢ ᠳᠤ ᠢᠯᠡ ᠭᠠᠯ ᠬᠡᠷᠡᠭᠯᠡᠬᠦ᠂ ᠲᠠᠮᠠᠬᠢᠨ ᠶᠣᠵᠣᠭᠤᠷ ᠬᠠᠶᠠᠬᠤ᠂ ᠬᠦᠵᠢ ᠠᠰᠠᠭᠠᠵᠤ ᠴᠠᠭᠠᠰᠤ ᠰᠢᠲᠠᠭᠠᠬᠤ᠂ ᠫᠤᠤᠵᠢᠩ ᠲᠠᠯᠪᠢᠬᠤ ᠵᠡᠷᠭᠡ ᠶᠢ ᠡᠷᠡᠰ ᠴᠠᠭᠠᠵᠠᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠴᠢᠩᠭ᠎ᠠ ᠰᠡᠷᠭᠡᠶᠢᠯᠡᠨ᠂ ᠲᠠᠬᠢᠯᠭ᠎ᠠ ᠲᠠᠶᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃     ᠭᠤᠷᠪᠠ᠂ ᠠᠷᠪᠢᠴᠢ ᠭᠠᠮᠲᠠᠢ ᠳᠠᠬᠢᠯᠭ᠎ᠠ ᠲᠠᠶᠢᠯᠭ᠎ᠠ ᠶᠢ ᠰᠠᠨᠠᠭᠠᠴᠢᠯᠠᠨ᠎ᠠ᠃ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂  ᠠᠰᠠᠷᠠᠮᠵᠢ ᠶᠢ ᠲᠡᠭᠡᠳᠦᠯᠡᠨ  ᠲᠠᠬᠢᠯᠭ᠎ᠠ ᠶᠢ ᠪᠠᠭᠠᠰᠬᠠᠬᠤ ᠰᠢᠨ᠎ᠡ ᠦᠵᠡᠯᠲᠡ ᠶᠢ ᠪᠣᠶ ᠪᠤᠯᠭᠠᠨ᠂ ᠨᠠᠰᠤᠲᠠᠨ ᠪᠤᠭᠤᠷᠤᠯᠴᠤᠳ ᠢᠶᠠᠨ ᠬᠠᠶᠢᠷᠠᠯᠠᠨ ᠬᠠᠯᠠᠮᠵᠢᠯᠠᠵᠤ᠂ ᠦᠳᠡᠯᠦᠭᠡ ᠨᠠᠰᠤᠨ ᠳᠤᠨᠢ ᠠᠰᠠᠷᠠᠮᠵᠢ ᠬᠠᠷᠠᠭᠠᠯᠵᠠᠯ ᠲᠠᠢ ᠪᠠᠶᠠᠷ ᠵᠢᠷᠭᠠᠯ ᠲᠠᠢ ᠪᠠᠶᠢᠯᠭᠠᠪᠠᠯ ᠵᠤᠬᠢᠨ᠎ᠠ᠃  ᠰᠣᠷᠭᠤᠭ ᠴᠡᠴᠡᠭ ᠬᠦᠷᠭᠡᠬᠦ᠂  ᠳᠠᠬᠢᠯᠭ᠎ᠠ ᠶᠢᠨ ᠪᠢᠴᠢᠭ ᠤᠩᠰᠢᠬᠤ᠂  ᠡᠪᠡᠰᠦ ᠮᠣᠳᠣ ᠲᠠᠷᠢᠬᠤ ᠵᠡᠷᠭᠡ ᠠᠷᠪᠢᠴᠢ ᠭᠠᠮᠲᠠᠢ᠂ ᠳᠥᠭᠦᠮ ᠳᠥᠲᠡ᠂ ᠠᠮᠤᠷ ᠲᠦᠪᠰᠢᠨ ᠳᠠᠬᠢᠯᠭ᠎ᠠ ᠶᠢᠨ ᠠᠷᠭ᠎ᠠ ᠪᠠᠷ ᠨᠥᠭᠴᠢᠭᠰᠡᠳ ᠢᠶᠠᠨ ᠲᠤᠷᠠᠰᠬᠠᠨ᠂ ᠬᠠᠶᠢᠷ᠎ᠠ ᠰᠡᠳᠬᠢᠯᠭᠡ ᠪᠠᠨ ᠳᠠᠮᠵᠢᠭᠤᠯᠵᠤ᠂ ᠭᠠᠰᠢᠭᠤᠳᠠᠯ ᠢᠶᠠᠨ ᠢᠯᠡᠷᠭᠡᠶᠢᠯᠡᠨ᠎ᠡ᠃    ᠳᠥᠷᠪᠡ᠂ ᠠᠮᠢ ᠠᠬᠤᠢ ᠶᠢᠨ ᠣᠷᠣᠰᠢᠭᠤᠯᠭ᠎ᠠ ᠶᠢ ᠰᠠᠨᠠᠭᠠᠴᠢᠯᠠᠨ᠎ᠠ᠃ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠰᠢ ᠶᠢᠨ ᠫᠢᠩ ᠶᠡᠷᠦᠩᠬᠡᠢ ᠱᠦᠵᠢ ᠶᠢᠨ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ︽ᠭᠤᠷᠪᠠᠨ ᠲᠠᠭᠠᠤ ᠲᠤᠯᠤᠭᠠᠨ ᠤᠷᠤᠨ︾ ︵ᠭᠤᠷᠪᠠᠨ ᠲᠠᠭᠠᠤ ᠭᠡᠳᠡᠭ ᠨᠢ ᠲᠡᠮᠦᠷ ᠵᠠᠮ᠂ ᠵᠠᠰᠠᠮᠠᠯ ᠵᠠᠮ᠂ ᠭᠤᠣᠯ ᠮᠥᠷᠡᠨ ᠤ ᠳᠠᠭᠠᠤ ᠭᠠᠵᠠᠷ ᠢ ᠬᠡᠯᠡᠵᠦ  ᠂ ᠲᠤᠯᠤᠭᠠᠨ ᠤᠷᠤᠨ ᠭᠡᠳᠡᠭ ᠨᠢ ᠬᠤᠲᠠ ᠪᠠᠯᠭᠠᠰᠤᠨ ᠤ ᠲᠥᠯᠦᠪᠵᠢᠭᠦᠯᠭᠡ ᠶᠢᠨ ᠤᠷᠤᠨ᠂  ᠨᠡᠷ᠎ᠡ ᠠᠯᠳᠠᠷᠳᠠᠢ ᠦᠵᠡᠮᠵᠢ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠦᠨᠳᠦᠰᠦᠨ ᠲᠠᠷᠢᠶᠠᠨ ᠭᠠᠵᠠᠷ  ᠂  ᠨᠤᠳᠤᠭ ᠪᠡᠯᠴᠢᠭᠡᠷ ᠢ ᠵᠢᠭᠠᠨ᠎ᠠ︶ ᠳᠤ ᠰᠢᠨ᠎ᠡ ᠪᠠᠷ ᠪᠤᠯᠠᠰᠢᠨ ᠤ ᠭᠠᠵᠠᠷ ᠭᠠᠷᠭᠠᠬᠤ ᠶᠢ  ᠡᠷᠡᠰ ᠴᠠᠭᠠᠵᠠᠯᠠᠨ᠎ᠠ᠃ ᠮᠦᠨᠴᠦ ᠬᠠᠲᠠᠭᠤᠷᠠᠭᠤᠯᠤᠭᠰᠠᠨ ᠲᠣᠮᠣ ᠣᠩᠭᠤᠨ᠂ ᠪᠡᠯᠡᠳᠭᠡᠯ ᠣᠩᠭᠤᠨ ᠵᠡᠷᠭᠡ ᠶᠢ ᠰᠢᠨ᠎ᠡ ᠪᠠᠷ ᠪᠠᠶᠢᠭᠤᠯᠵᠤ ᠪᠣᠯᠬᠤ ᠦᠭᠡᠢ᠃     ᠪᠣᠯᠪᠠᠰᠤᠨ ᠢᠶᠠᠷ ᠲᠠᠬᠢᠯᠭ᠎ᠠ ᠬᠢᠵᠦ ᠰᠢᠨ᠎ᠡ ᠭᠡᠪ ᠰᠤᠷᠲᠠᠯ ᠢ ᠪᠠᠳᠠᠷᠠᠭᠤᠯᠬᠤ ᠪᠣᠯ ᠪᠢᠳᠡ ᠪᠦᠬᠦᠨ ᠤ ᠬᠠᠮᠲᠤ ᠶᠢᠨ ᠬᠦᠰᠡᠯ᠂ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃  ᠤᠯᠠᠨ ᠢᠶᠠᠷ ᠢᠶᠠᠨ ᠢᠳᠡᠪᠬᠢᠲᠡᠢ ᠪᠠᠷ ᠬᠥᠳᠡᠯᠦᠯᠴᠡᠵᠦ᠂ ᠪᠣᠯᠪᠠᠰᠤᠨ ᠲᠠᠬᠢᠯᠭ᠎ᠠ ᠶᠢᠨ ᠦᠢᠯᠡᠳᠦᠯᠭᠡᠵᠢᠭᠦᠯᠦᠭᠴᠢ᠂ ᠰᠢᠯᠢᠳᠡᠭ ᠰᠣᠶᠣᠯ ᠤᠨ ᠪᠠᠳᠠᠷᠠᠭᠤᠯᠤᠭᠴᠢ ᠪᠣᠯᠬᠤ ᠪᠠᠷ ᠴᠢᠷᠮᠠᠶᠢᠵᠠᠭᠠᠨ᠂ ᠪᠣᠯᠪᠠᠰᠤᠨ ᠰᠠᠶᠢᠬᠠᠨ ᠬᠠᠩᠰᠢ ᠶᠢᠨ ᠡᠳᠦᠷ ᠢᠶᠠᠨ ᠦᠩᠬᠡᠷᠡᠬᠦᠯᠵᠦ᠂ ᠠᠮᠤᠷ ᠠᠮᠤᠭᠤᠯᠠᠩ ᠲᠠᠶᠢᠹᠤᠰᠧ ᠬᠤᠰᠢᠭᠤ ᠪᠠᠨ ᠬᠠᠮᠲᠤ ᠪᠠᠷ ᠪᠠᠶᠢᠭᠤᠯᠤᠶ᠎ᠠ᠃  ᠡᠷᠬᠢᠮ ᠲᠠᠨ ᠤ ᠣᠶᠢᠯᠠᠭᠠᠵᠤ ᠳᠡᠮᠵᠢᠭᠰᠡᠨ ᠳᠤ ᠲᠠᠯᠠᠷᠬᠠᠵᠤ ᠪᠠᠶᠢᠨ᠎ᠠ︕                                         ᠲᠠᠶᠢᠹᠤᠰᠧ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                              2024 ᠣᠨ ᠤ 3 ᠰᠠᠷ᠎ᠠ ᠶᠢᠨ 26 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号