ᠭᠠᠵᠢᠭᠤ ᠨᠣᠮᠯᠠᠯ ᠪᠣᠯᠣᠨ ᠱᠠᠰᠢᠨ ᠰᠤᠷᠲᠠᠬᠤᠨ ᠤ ᠢᠯᠭᠠᠭ᠎ᠠ ᠶᠢ ᠲᠠᠨᠢᠰᠤᠭᠠᠢ
ᠨᠡᠶᠢᠲᠡᠯᠡᠭᠰᠡᠨ ᠴᠠᠭ᠄
2024/3/26
   ᠱᠠᠰᠢᠨ ᠰᠤᠷᠲᠠᠬᠤᠨ ᠪᠤᠯ ᠤᠯᠤᠰ ᠢᠶᠠᠨ ᠬᠠᠶᠢᠷᠠᠯᠠᠵᠤ ᠬᠠᠤᠯᠢ ᠶᠢ ᠰᠠᠬᠢᠬᠤ ᠤᠯᠠᠮᠵᠢᠯᠠᠯ ᠲᠠᠢ ᠪᠠᠶᠢᠵᠤ᠂ ᠰᠦᠰᠦᠭᠲᠡᠨ ᠤ ᠠᠵᠢᠯᠯᠠᠭ᠎ᠠ ᠳᠤ ᠣᠷᠣᠯᠴᠠᠬᠤ ᠴᠠᠭ ᠬᠤᠭᠤᠴᠠᠭ᠎ᠠ ᠪᠠ ᠤᠳᠠᠭ᠎ᠠ ᠲᠠᠷᠠᠭ᠎ᠠ ᠵᠡᠷᠭᠡ ᠶᠢ ᠶᠡᠷᠦ ᠠᠴᠠ ᠴᠢᠩᠭ᠎ᠠ ᠱᠠᠭᠠᠷᠳᠠᠳᠠᠭ ᠦᠭᠡᠢ᠂ ᠢᠲᠡᠭᠡᠬᠦ ᠪᠠ ᠡᠰᠡ ᠢᠲᠡᠭᠡᠬᠦ ᠲᠠᠯ᠎ᠠ ᠪᠠᠷ ᠨᠡᠯᠢᠶᠡᠳ ᠴᠢᠯᠦᠭᠡᠲᠡᠢ ᠪᠠᠶᠢᠵᠤ᠂ ᠡᠷᠬᠡ ᠴᠢᠯᠦᠭᠡ ᠶᠢ ᠬᠢᠵᠠᠭᠠᠷᠯᠠᠬᠤ ᠦᠭᠡᠢ ᠪᠠᠶᠢᠳᠠᠭ᠃ ᠭᠠᠵᠢᠭᠤ ᠨᠣᠮᠯᠠᠯ ᠨᠢ ᠬᠠᠷᠢᠨ ᠱᠠᠰᠢᠨ ᠰᠤᠷᠲᠠᠬᠤᠨ᠂ ᠠᠮᠢᠰᠬᠤᠯ ᠤᠨ ᠲᠠᠮᠢᠷ ᠵᠡᠷᠭᠡ ᠨᠡᠷ᠎ᠡ ᠪᠠᠷ  ︽ ᠭᠠᠯᠪᠠ ᠶᠡᠬᠦᠷᠡᠬᠦ︾ ᠭᠡᠬᠦ ᠮᠡᠲᠦ ᠶᠢᠨ ᠭᠠᠵᠢᠭᠤ ᠶᠣᠰᠣ ᠨᠣᠮᠯᠠᠯ ᠢ ᠲᠠᠷᠬᠠᠭᠠᠬᠤ ᠶᠢᠨ ᠬᠠᠮᠲᠤ᠂ ᠰᠦᠰᠦᠭᠲᠡᠨ ᠤ ᠲᠠᠷᠢᠬᠢ ᠲᠣᠯᠣᠭᠠᠢ ᠶᠢ ᠤᠬᠢᠶᠠᠵᠤ᠂ ᠤᠶᠤᠨ ᠰᠠᠨᠠᠭ᠎ᠠ ᠶᠢ ᠨᠢ ᠡᠵᠡᠮᠳᠡᠳᠡᠭ᠃ ᠱᠠᠰᠢᠨ ᠰᠤᠷᠲᠠᠬᠤᠨ ᠪᠤᠯ ᠪᠤᠷᠬᠠᠨ ᠰᠠᠬᠢᠭᠤᠯᠰᠤᠨ  ᠬᠡᠬᠦ ᠮᠡᠲᠦ ᠶᠢᠨ ᠪᠠᠶᠢᠭᠠᠯᠢ ᠠᠴᠠ ᠳᠠᠪᠠᠭᠰᠠᠨ ᠬᠦᠴᠦᠨ ᠴᠢᠳᠠᠯ ᠢ ᠰᠢᠲᠦᠳᠡᠭ᠃ ᠭᠠᠵᠢᠭᠤ ᠨᠣᠮᠯᠠᠯ ᠶᠡᠷᠦ ᠨᠢ ᠠᠮᠢᠳᠤ ᠪᠠᠶᠢᠭ᠎ᠠ ᠱᠠᠰᠢᠨ ᠤ ᠡᠵᠡᠨ ᠢ ᠰᠢᠲᠦᠵᠦ᠂ ᠭᠠᠭᠴᠠ ᠬᠦ ᠱᠠᠰᠢᠨ ᠤ ᠡᠵᠡᠨ ᠳᠤ ᠦᠨᠡᠨᠴᠢ ᠰᠢᠳᠤᠷᠭᠤ ᠪᠠᠶᠢᠪᠠᠯ ᠰᠠᠶ᠋ᠢ ᠭᠠᠯᠪᠠ ᠶᠡᠭᠦᠷᠡᠬᠦ ᠦᠶᠡᠰ ᠲᠦᠷ ᠠᠪᠤᠷᠠᠯ  ᠬᠦᠷᠳᠡᠬᠦ ᠪᠤᠶᠤ ᠰᠠᠬᠢᠭᠤᠯᠰᠤᠨ ᠪᠣᠯᠵᠤ ᠴᠢᠳᠠᠨ᠎ᠠ ᠭᠡᠵᠦ ᠬᠥᠭᠡᠷᠭᠡᠳᠡᠳᠡᠭ᠃  ᠱᠠᠰᠢᠨ ᠰᠤᠷᠲᠠᠬᠤᠨ ᠤ ᠠᠵᠢᠯᠯᠠᠭ᠎ᠠ ᠨᠢ  ᠪᠦᠷ ᠢᠯᠡ ᠶᠠᠪᠤᠭᠳᠠᠵᠤ᠂ ᠵᠠᠰᠠᠭ ᠤᠨ ᠣᠷᠳᠣᠨ ᠤ ᠬᠠᠤᠯᠢ ᠶᠤᠰᠤᠨ ᠤ ᠬᠠᠮᠢᠶᠠᠷᠤᠯᠳᠠ ᠶᠢ ᠬᠦᠯᠢᠶᠡᠨ᠎ᠡ᠃ ᠭᠠᠵᠢᠭᠤ ᠨᠣᠮᠯᠠᠯ ᠨᠢ ᠨᠢᠭᠤᠴᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠷ ᠶᠠᠪᠤᠭᠳᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠲᠠᠩᠰᠠᠯᠠᠭᠤᠯᠳᠠᠭ ᠦᠭᠡᠢ᠃ ᠱᠠᠰᠢᠨ ᠰᠤᠷᠲᠠᠬᠤᠨ ᠤ ᠬᠠᠨᠳᠢᠪ ᠡᠷᠬᠦᠬᠦ ᠠᠵᠢᠯᠯᠠᠭ᠎ᠠ ᠨᠢ ᠰᠠᠶᠢᠨ ᠳᠤᠷ᠎ᠠ ᠠᠴᠠ ᠪᠠᠨ ᠶᠠᠪᠤᠭᠳᠠᠨ᠎ᠠ᠃ ᠭᠠᠵᠢᠭᠤ ᠨᠣᠮᠯᠠᠯ ᠨᠢ ᠰᠦᠰᠦᠭᠲᠡᠨ ᠢ ᠠᠯᠪᠠᠳᠠᠵᠤ ᠪᠠᠶᠢᠭᠠᠳ ᠵᠣᠭᠤᠰ ᠮᠥᠩᠭᠦ ᠬᠠᠨᠳᠢᠪᠯᠠᠭᠤᠯᠵᠤ᠂ ᠡᠳ᠋ ᠮᠥᠩᠭᠦ   ᠶᠢ ᠬᠢᠬᠠᠵᠤ ᠡᠮᠡᠰ ᠦᠬᠢᠳ ᠢ ᠮᠡᠬᠡᠯᠡᠳᠡᠭ᠃       ᠭᠠᠵᠢᠭᠤ ᠨᠣᠮᠯᠠᠯ ᠪᠣᠯ ᠱᠠᠰᠢᠨ ᠰᠤᠷᠲᠠᠬᠤᠨ᠂ ᠠᠮᠢᠰᠬᠤᠯ ᠤᠨ ᠲᠠᠮᠢᠷ ᠪᠤᠶᠤ ᠪᠤᠰᠤᠳ ᠨᠡᠷ᠎ᠡ ᠶᠢ ᠬᠠᠭᠤᠷᠮᠠᠭᠯᠠᠨ ᠬᠡᠷᠡᠭᠯᠡᠵᠦ᠂ ᠲᠣᠯᠣᠭᠠᠶᠢᠯᠠᠭᠴᠢ ᠪᠠᠨ  ᠶᠡᠭᠡ ᠪᠠᠷ  ᠰᠢᠳᠢᠴᠢᠯᠡᠨ᠂ ᠮᠤᠬᠤᠷ ᠪᠢᠰᠢᠷᠡᠯ ᠭᠠᠵᠢᠭᠤ ᠨᠣᠮᠯᠠᠯ ᠢ ᠵᠤᠬᠢᠶᠠᠵᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠪᠤᠰᠤᠳ ᠢ  ᠮᠡᠬᠡᠯᠡᠨ ᠲᠦᠭᠡᠷᠢᠭᠳᠡᠬᠦᠯᠵᠦ  ᠂  ᠭᠡᠰᠢᠬᠦᠨ ᠢᠶᠠᠨ ᠦᠷᠭᠡᠳᠭᠡᠬᠦ  ᠶᠢᠨ ᠬᠠᠮᠳᠤ ᠵᠠᠬᠢᠷᠤᠨ ᠡᠵᠡᠮᠳᠡᠵᠦ᠂ ᠨᠡᠶᠢᠭᠡᠮ ᠳᠤ ᠬᠤᠣᠷ ᠬᠥᠨᠥᠭᠡᠯ ᠤᠴᠠᠷᠠᠭᠤᠯᠳᠠᠭ ᠬᠠᠤᠯᠢ ᠪᠤᠰᠤ ᠵᠣᠬᠢᠶᠠᠨ ᠪᠠᠶᠢᠭᠤᠯᠤᠯᠲᠠ ᠮᠥᠨ᠃ ᠭᠠᠵᠢᠭᠤ ᠨᠣᠮᠯᠠᠯ ᠤᠨ ᠬᠠᠮᠲᠤ ᠶᠢᠨ ᠣᠨᠴᠠᠯᠢᠭ ᠭᠡᠪᠡᠯ᠄ ᠱᠠᠰᠢᠨ ᠰᠤᠷᠲᠠᠬᠤᠨ ᠤ ᠵᠠᠷᠢᠮ ᠨᠡᠷ᠎ᠡ ᠲᠣᠮᠢᠶ᠎ᠠ ᠶᠢ ᠠᠰᠢᠭᠯᠠᠨ ᠭᠠᠵᠢᠭᠤ ᠶᠣᠰᠣ ᠨᠣᠮᠯᠠᠯ ᠢ ᠵᠣᠬᠢᠶᠠᠵᠤ᠂ ᠮᠤᠬᠤᠷ ᠪᠢᠰᠢᠷᠡᠯ ᠤᠨ ᠦᠵᠡᠯ ᠰᠠᠨᠠᠭ᠎ᠠ ᠶᠢ  ᠲᠠᠷᠬᠠᠭᠠᠨ᠎ᠠ᠂  ᠭᠠᠯᠪᠠ ᠶᠡᠭᠦᠷᠡᠬᠦ  ᠶᠢ ᠤᠬᠠᠭᠤᠯᠵᠤ᠂ ᠰᠦᠷᠳᠡᠭᠦᠯᠦᠯ ᠤᠨ ᠠᠭᠤᠷ ᠠᠮᠢᠰᠬᠤᠯ ᠢ ᠪᠤᠶ ᠪᠣᠯᠭᠠᠭᠰᠠᠨ ᠰᠠᠭᠤᠷᠢᠨ ᠳᠡᠭᠡᠷ᠎ᠡ᠂ ᠱᠠᠰᠢᠨ ᠤ ᠡᠵᠡᠨ ᠢ ᠰᠠᠬᠢᠭᠤᠯᠰᠤᠨᠴᠢᠯᠠᠵᠤ᠂ ᠭᠠᠭᠴᠠ ᠬᠦ ᠱᠠᠰᠢᠨ ᠤ ᠡᠵᠡᠨ ᠳᠤ ᠦᠨᠡᠨᠴᠢ ᠰᠢᠳᠤᠷᠭᠤ ᠪᠠᠶᠢᠪᠠᠯ ᠰᠠᠶ᠋ᠢ ᠭᠠᠯᠪᠠ ᠶᠡᠭᠦᠷᠡᠬᠦ ᠦᠶᠡᠰ ᠠᠪᠤᠷᠠᠯ ᠣᠯᠬᠤ ᠪᠤᠶᠤ ᠰᠠᠬᠢᠭᠤᠯᠰᠤᠨ ᠪᠣᠯᠵᠤ ᠴᠢᠳᠠᠨ᠎ᠠ ᠬᠡᠮᠡᠨ  ᠬᠦᠭᠡᠷᠭᠡᠳᠡᠨ᠎ᠡ᠃᡽ ᠰᠦᠰᠦᠭᠲᠡᠨ ᠢ ᠲᠠᠷᠢᠬᠢ ᠶᠢ ᠨᠢ ᠤᠬᠢᠶᠠᠬᠤ᠂ ᠠᠶᠤᠯᠭᠠᠨ ᠰᠦᠷᠳᠡᠭᠦᠯᠬᠦ᠂ ᠬᠠᠭᠤᠷᠤᠨ ᠮᠡᠬᠡᠯᠡᠬᠦ ᠵᠡᠷᠭᠡ ᠠᠷᠭ᠎ᠠ ᠪᠠᠷᠢᠯ ᠢᠶᠠᠷ ᠤᠶᠤᠨ ᠰᠠᠨᠠᠭᠠᠨ ᠤ ᠲᠠᠯ᠎ᠠ ᠪᠠᠷ ᠴᠢᠩᠭ᠎ᠠ ᠡᠵᠡᠮᠳᠡᠨ ᠵᠠᠬᠢᠷᠤᠨ᠎ᠠ᠃  ᠨᠢᠭᠤᠴᠠ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢᠨ ᠬᠠᠮᠲᠤ ᠨᠢᠭᠤᠴᠠ ᠡᠪᠯᠡᠯ ᠬᠤᠯᠪᠣᠭ᠎ᠠ ᠪᠠᠶᠢᠭᠤᠯᠬᠤ ᠠᠵᠢᠯᠯᠠᠭ᠎ᠠ ᠶᠢ ᠬᠢᠨ᠎ᠡ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠭᠠᠯᠵᠠᠭᠤᠷᠠᠭᠰᠠᠨ ᠮᠡᠲᠦ ᠪᠠᠷ ᠵᠣᠭᠤᠰ ᠮᠥᠩᠭᠦ ᠬᠢᠬᠠᠨ ᠠᠪᠬᠤ ᠵᠡᠷᠭᠡ᠃ ᠡᠳᠡᠭᠡᠷ ᠣᠨᠴᠠᠯᠢᠭ ᠨᠢ ᠭᠠᠵᠢᠭᠤ ᠨᠣᠮᠯᠠᠯ ᠤᠨ ᠮᠥᠨ ᠴᠢᠨᠠᠷ ᠢ ᠲᠣᠭᠲᠠᠭᠠᠵᠤ᠂ ᠭᠠᠵᠢᠭᠤ ᠨᠣᠮᠯᠠᠯ ᠢ ᠵᠢᠩᠬᠢᠨᠢ ᠨᠡᠶᠢᠭᠡᠮ ᠤᠨ ᠭᠠᠵᠢᠭᠤ ᠪᠤᠷᠤᠭᠤ ᠬᠦᠴᠦᠨ ᠪᠣᠯᠭᠠᠭᠰᠠᠨ ᠪᠠᠶᠢᠳᠠᠭ᠃      ᠭᠠᠵᠢᠭᠤ ᠨᠣᠮᠯᠠᠯ ᠬᠢᠭᠡᠳ ᠱᠠᠰᠢᠨ ᠰᠤᠷᠲᠠᠬᠤᠨ ᠢ ᠢᠯᠭᠠᠬᠤ ᠳᠤ ᠳᠣᠣᠷᠠᠬᠢ ᠵᠦᠢᠯ ᠤᠳ ᠢ ᠠᠩᠬᠠᠷᠬᠤ ᠬᠡᠷᠡᠭᠲᠡᠢ᠄     ᠨᠢᠭᠡ ᠳᠤ ᠲᠡᠦᠬᠡ ᠶᠢ ᠨᠢ ᠦᠵᠡᠨ᠎ᠡ᠃ ᠱᠠᠰᠢᠨ ᠰᠤᠷᠲᠠᠬᠤᠨ ᠪᠣᠯ ᠡᠷᠳᠡ ᠤᠷᠢᠳᠤ ᠠᠴᠠ ᠤᠯᠠᠮᠵᠢᠯᠠᠭᠳᠠᠵᠤ ᠢᠷᠡᠭᠰᠡᠨ ᠥᠨᠢ ᠤᠳᠠᠭᠠᠨ ᠤ ᠲᠡᠦᠬᠡ ᠲᠠᠢ᠂ ᠭᠠᠵᠢᠭᠤ ᠨᠣᠮᠯᠠᠯ ᠪᠣᠯ ᠪᠦᠷ ᠣᠬᠤᠷᠬᠠᠨ ᠬᠤᠭᠤᠴᠠᠭᠠᠨ ᠳᠤ ᠡᠬᠦᠰᠴᠦ ᠭᠠᠷᠤᠭᠰᠠᠨ ᠲᠤᠶᠢᠯ ᠤᠨ ᠠᠰᠢᠭ ᠬᠠᠷᠠᠬᠤ  ᠴᠢᠨᠠᠷᠳᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠶᠢᠵᠤ᠂  ᠨᠡᠶᠢᠭᠡᠮ ᠤᠨ ᠲᠠᠪᠰᠢᠯᠳᠠ ᠳᠤ ᠲᠤᠶᠢᠯ ᠤᠨ ᠬᠦᠨᠳᠦ ᠨᠣᠴᠢᠲᠠᠢ ᠡᠪᠳᠡᠯᠭᠡ ᠤᠴᠠᠷᠠᠭᠤᠯᠳᠠᠭ᠃     ᠬᠤᠶᠠᠷ ᠲᠤ ᠤᠯᠤᠰ ᠣᠷᠣᠨ ᠪᠠ ᠠᠷᠠᠳ ᠲᠦᠮᠡᠨ ᠳᠤ ᠬᠠᠨᠳᠤᠬᠤ ᠣᠪᠣᠷ ᠢ ᠨᠢ ᠦᠵᠡᠨ᠎ᠡ᠃ ᠱᠠᠰᠢᠨ ᠰᠤᠷᠲᠠᠬᠤᠨ ᠪᠤᠯ ᠤᠯᠤᠰ ᠤᠷᠤᠨ ᠢᠶᠠᠨ ᠬᠠᠶᠢᠷᠠᠯᠠᠵᠤ ᠠᠷᠠᠳ ᠲᠦᠮᠡᠨ ᠳᠤ ᠠᠰᠢᠭ ᠬᠦᠷᠲᠡᠭᠡᠬᠦ ᠤᠯᠠᠮᠵᠢᠯᠠᠯ ᠲᠠᠢ ᠪᠠᠶᠢᠵᠤ᠂  ᠤᠯᠤᠰ ᠤᠷᠤᠨ ᠢᠶᠠᠨ ᠬᠠᠶᠢᠷᠠᠯᠠᠵᠤ᠂ ᠨᠠᠮ ᠵᠠᠰᠠᠭ ᠢᠶᠠᠨ ᠬᠦᠷᠢᠶᠡᠯᠡᠨ᠂ ᠡᠷᠬᠡ ᠲᠡᠭᠰᠢ ᠲᠦᠭᠡᠮᠡᠯ ᠬᠠᠶᠢᠷ᠎ᠠ ᠶᠢ ᠡᠷᠬᠢᠮᠯᠡᠵᠦ᠂  ᠶᠠᠳᠠᠭᠤ ᠲᠤᠷᠤᠢ ᠶᠢ ᠲᠤᠰᠠᠯᠠᠵᠤ ᠳᠡᠮᠵᠢᠬᠦ ᠵᠡᠷᠭᠡ ᠲᠠᠯ᠎ᠠ ᠪᠠᠷ ᠱᠠᠰᠢᠨ ᠰᠢᠳᠦᠭᠴᠢ ᠤᠯᠠᠨ ᠲᠦᠮᠡᠨ ᠢ  ᠤᠷᠢᠶᠠᠯᠠᠳᠠᠭ᠃ ᠭᠠᠵᠢᠭᠤ ᠨᠣᠮᠯᠠᠯ ᠨᠢ ᠬᠠᠷᠢᠨ ᠨᠠᠮ ᠵᠠᠰᠠᠭ ᠲᠠᠢ ᠡᠰᠡᠷᠭᠦᠴᠡᠯᠳᠦᠵᠦ᠂ ᠨᠡᠶᠢᠭᠡᠮ ᠳᠤ ᠬᠤᠣᠷ ᠬᠥᠨᠥᠭᠡᠯ ᠤᠴᠠᠷᠠᠭᠤᠯᠤᠨ᠂ ᠤᠯᠠᠨ ᠲᠦᠮᠡᠨ ᠢ ᠮᠡᠬᠡᠯᠡᠨ ᠬᠤᠣᠷᠯᠠᠵᠤ᠂ ᠬᠥᠮᠥᠰ ᠢ ᠵᠢᠭᠠᠨ ᠳᠣᠬᠢᠵᠤ ᠪᠠᠶᠢᠭᠠᠳ ᠠᠮᠢᠳᠤᠷᠠᠯ ᠠᠴᠠ    ᠤᠶᠢᠳᠤᠭᠤᠯᠵᠤ ᠦᠢᠯᠡᠳᠪᠦᠷᠢᠯᠡᠯ ᠠᠴᠠ ᠵᠠᠶᠢᠳᠠᠭᠤᠯᠬᠤ ᠢᠯᠡᠷᠬᠡᠢ ᠤᠯᠤᠰ ᠲᠦᠷᠦ ᠶᠢᠨ ᠵᠣᠷᠢᠯᠭ᠎ᠠ ᠲᠠᠢ ᠶᠤᠮ᠃     ᠭᠤᠷᠪᠠ ᠳᠤ ᠰᠦᠰᠦᠭᠲᠡᠨ ᠯᠦᠭᠡ ᠶᠢᠨ ᠬᠠᠷᠢᠴᠠᠭ᠎ᠠ ᠶᠢ ᠨᠢ ᠦᠵᠡᠨ᠎ᠡ᠃ ᠱᠠᠰᠢᠨ ᠰᠤᠷᠲᠠᠬᠤᠨ ᠨᠢ ᠰᠦᠰᠦᠭᠲᠡᠨ ᠤ ᠠᠵᠢᠯᠯᠠᠭ᠎ᠠ ᠳᠤ ᠣᠷᠣᠯᠴᠠᠬᠤ ᠴᠠᠭ ᠬᠤᠭᠤᠴᠠᠭ᠎ᠠ ᠪᠠ ᠤᠳᠠᠭ᠎ᠠ ᠲᠠᠷᠠᠭ᠎ᠠ ᠵᠡᠷᠭᠡ ᠳᠤ ᠴᠢᠩᠭ᠎ᠠ ᠱᠠᠭᠠᠷᠳᠠᠯᠭ᠎ᠠ ᠦᠭᠡᠢ᠂ ᠢᠲᠡᠭᠡᠬᠦ ᠪᠠ ᠡᠰᠡ ᠢᠲᠡᠭᠡᠬᠦ ᠳᠤ ᠨᠡᠯᠢᠶᠡᠳ ᠴᠢᠯᠦᠭᠡᠲᠡᠢ ᠪᠠᠶᠢᠳᠠᠭ᠃ ᠭᠠᠵᠢᠭᠤ ᠨᠣᠮᠯᠠᠯ ᠨᠢ ᠱᠠᠰᠢᠨᠲᠠᠨ ᠳᠤ ᠤᠶᠤᠨ ᠰᠠᠨᠠᠭᠠᠨ ᠤ ᠡᠵᠡᠮᠳᠡᠯ ᠶᠠᠪᠤᠭᠤᠯᠵᠤ᠂ ᠱᠠᠰᠢᠨ ᠤ ᠡᠵᠡᠨ ᠪᠣᠯᠣᠨ ᠱᠠᠰᠢᠨᠲᠠᠨ ᠤ ᠬᠤᠭᠤᠷᠣᠨᠳᠤ ᠵᠠᠪᠠᠯ ᠵᠠᠬᠢᠷᠬᠤ ᠪᠠ ᠵᠠᠬᠢᠷᠤᠭᠳᠠᠬᠤ ᠬᠠᠷᠢᠴᠠᠭ᠎ᠠ ᠲᠠᠢ᠂ ᠡᠶᠢᠮᠦᠷᠬᠦ ᠬᠠᠷᠢᠴᠠᠭ᠎ᠠ ᠪᠠᠷ ᠭᠠᠵᠢᠭᠤ ᠨᠣᠮᠯᠠᠯ ᠤᠨ ᠣᠷᠣᠰᠢᠬᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠪᠣᠯᠣᠨ ᠤᠶᠤᠨ ᠰᠠᠨᠠᠭᠠᠨ ᠤ ᠬᠤᠯᠪᠣᠭᠠᠰᠤ ᠶᠢ ᠬᠡᠪ ᠢᠶᠠᠷ ᠪᠠᠶᠢᠯᠭᠠᠬᠤ ᠶᠢ ᠪᠠᠳᠤᠯᠠᠵᠤ᠂  ᠠᠯᠪᠠᠳᠠᠯᠭ᠎ᠠ ᠶᠢᠨ ᠴᠢᠨᠠᠷ  ᠢᠶᠠᠷ ᠢᠯᠡᠷᠭᠡᠢ ᠪᠠᠶᠢᠳᠠᠭ᠃      ᠳᠥᠷᠪᠡ ᠳᠤ ᠪᠢᠰᠢᠷᠡᠨ ᠰᠢᠲᠦᠬᠦ ᠨᠢᠭᠤᠷᠯᠠᠯ ᠢ ᠦᠵᠡᠨ᠎ᠡ᠃ ᠱᠠᠰᠢᠨ ᠰᠤᠷᠲᠠᠬᠤᠨ ᠤ ᠰᠢᠲᠦᠯᠭᠡ ᠪᠣᠯ ᠰᠦᠰᠦᠭᠲᠡᠨ ᠤ ᠤᠶᠤᠨ ᠰᠠᠨᠠᠭᠠᠨ ᠤ ᠣᠷᠣᠰᠢᠬᠤᠢ ᠠᠴᠠ  ᠬᠤᠯᠠᠳᠠᠭᠰᠠᠨ᠂ ᠤᠶᠤᠨ ᠰᠠᠨᠠᠭᠠᠨ ᠤ ᠬᠦᠷᠢᠶᠡᠨ ᠳᠠᠬᠢ ᠬᠠᠮᠤᠭ ᠤᠨ ᠳᠡᠭᠡᠳᠦ ᠰᠢᠲᠦᠯᠭᠡ ᠶᠤᠮ᠃ ᠭᠠᠵᠢᠭᠤ ᠨᠣᠮᠯᠠᠯ ᠤᠨ ᠰᠢᠳᠦᠳᠡᠭ ᠨᠢ ᠬᠠᠷᠢᠨ ᠠᠮᠢᠳᠤ ᠪᠠᠶᠢᠭ᠎ᠠ᠂  ᠤᠯᠵᠠ ᠠᠰᠢᠭ  ᠪᠠ ᠤᠯᠤᠰ ᠲᠥᠷᠥ   ᠶᠢᠨ ᠵᠣᠷᠢᠯᠭ᠎ᠠ ᠲᠠᠢ ᠱᠠᠰᠢᠨ ᠤ ᠡᠵᠡᠨ  ᠪᠤᠯᠤᠨ᠎ᠠ᠃     ᠲᠠᠪᠤ ᠳᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠ ᠠᠵᠢᠯᠯᠠᠭᠠᠨ ᠤ ᠬᠡᠯᠪᠡᠷᠢ ᠶᠢ ᠦᠵᠡᠨ᠎ᠡ᠃ ᠱᠠᠰᠢᠨ ᠰᠤᠷᠲᠠᠬᠤᠨ ᠨᠢ ᠵᠣᠬᠢᠶᠠᠨ ᠪᠠᠶᠢᠭᠤᠯᠤᠯᠲᠠ ᠲᠠᠢ ᠪᠣᠯᠪᠠᠴᠤ ᠲᠡᠭᠦᠨ ᠤ ᠠᠵᠢᠯᠯᠠᠭ᠎ᠠ ᠨᠢ ᠢᠯᠡ ᠪᠠᠶᠢᠵᠤ᠂ ᠵᠠᠰᠠᠭ ᠤᠨ ᠣᠷᠳᠣᠨ ᠤ ᠬᠠᠤᠯᠢ ᠶᠤᠰᠤᠨ ᠤ ᠬᠠᠮᠢᠶᠠᠷᠤᠯᠳᠠ ᠶᠢ ᠬᠦᠯᠢᠶᠡᠨ᠂ ᠬᠠᠮᠲᠤ ᠶᠢᠨ ᠱᠠᠰᠢᠨ ᠰᠤᠷᠲᠠᠬᠤᠨ ᠤ ᠠᠵᠢᠯᠯᠠᠭ᠎ᠠ  ᠪᠠᠨ ᠶᠡᠷᠦ  ᠠᠴᠠ ᠬᠠᠤᠯᠢ ᠶᠣᠰᠣᠭᠠᠷ ᠳᠠᠩᠰᠠᠯᠠᠭᠤᠯᠤᠭᠰᠠᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠶᠠᠪᠤᠭᠳᠠᠭᠤᠯᠳᠠᠭ᠃ ᠭᠠᠵᠢᠭᠤ ᠨᠣᠮᠯᠠᠯ ᠪᠣᠯ ᠬᠠᠷᠢᠨ ᠵᠣᠬᠢᠶᠠᠨ ᠪᠠᠶᠢᠭᠤᠯᠤᠯᠲᠠ ᠨᠢ ᠨᠢᠭᠤᠴᠠ ᠪᠠᠷ ᠪᠠᠶᠢᠭᠤᠯᠤᠭᠳᠠᠵᠤ᠂ ᠬᠦᠳᠡᠯᠪᠦᠷᠢ ᠠᠵᠢᠯᠯᠠᠭ᠎ᠠ ᠨᠢ ᠳᠠᠯᠳᠠ ᠶᠠᠪᠤᠭᠳᠠᠵᠤ᠂ ᠬᠡᠲᠦᠷᠡᠮᠡᠬᠡᠢ ᠬᠠᠴᠢᠨ ᠰᠢᠨᠤᠯ ᠲᠠᠢ ᠪᠠᠶᠢᠳᠠᠭ᠃  
 
ᠢᠷᠡᠯᠲᠡ᠄ ᠲᠠᠶᠢᠹᠤᠰᠧ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号