ᠶᠦᠩ ᠹᠧᠩ ᠪᠠᠯᠭᠠᠰᠤ ︽ᠲᠠᠪᠤᠨ ᠨᠢᠬᠡ ︾ ᠶᠢᠨ ᠵᠠᠬᠪᠤᠷ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/3/26
   ᠣᠶᠢᠷ᠎ᠠ ᠶᠢᠨ ᠵᠢᠯ ᠤᠳ ᠲᠤ᠂ ᠶᠦᠩ ᠹᠧᠩ ᠪᠠᠯᠭᠠᠰᠤ ᠨᠢ ᠨᠠᠮ ᠤᠨ ᠪᠠᠶᠢᠭᠤᠯᠤᠯᠲᠠ ᠶᠢ ᠠᠳᠬᠤᠬᠤ ᠪᠠ ᠬᠥᠭᠵᠢᠯᠲᠡ ᠶᠢ ᠠᠳᠬᠤᠬᠤ ᠬᠤᠶᠠᠷ ︽ᠭᠤᠣᠯ ᠡᠭᠦᠷᠭᠡ︾ ᠶᠢᠨ ᠲᠣᠭᠤᠷᠢᠨ ᠳᠤ᠂ ︽ᠭᠤᠣᠯᠳᠠᠯᠭ᠎ᠠ ᠶᠢ ᠳᠣᠪᠤᠶᠢᠯᠭᠠᠬᠤ᠂ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠪᠦᠬᠦᠯᠢ ᠴᠣᠭᠴᠠ ᠪᠠᠷ ᠲᠦᠯᠬᠢᠨ ᠠᠬᠢᠭᠤᠯᠬᠤ︾ ᠰᠡᠳᠬᠢᠴᠡ ᠶᠢ ᠪᠠᠷᠢᠮᠳᠠᠯᠠᠨ᠂ ︽ ᠲᠠᠪᠤᠨ ᠨᠢᠭᠡ ︾ ᠶᠢᠨ ᠬᠥᠭᠵᠢᠯᠲᠡ᠂ ᠵᠠᠰᠠᠯᠲᠠ᠂ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠰᠦᠪᠡᠭᠴᠢᠯᠡᠨ ᠠᠬᠢᠭᠤᠯᠵᠤ᠂  ᠱᠠᠩ ᠫᠢ ᠹᠠᠩ ᠲᠣᠰᠬᠤᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠭᠡᠪ  ᠵᠠᠭᠪᠤᠷ  ︾ ᠪᠤᠯᠭᠠᠨ᠂ ᠪᠥᠬᠦ ᠪᠠᠯᠭᠠᠰᠤᠨ ᠤ ︽ᠨᠠᠮ ᠤᠨ ᠡᠭᠦᠷ ᠬᠦᠴᠦᠷᠬᠡᠭ᠂ ᠠᠵᠤ ᠦᠢᠯᠡᠰ ᠰᠢᠯᠢᠳᠡᠭ᠂  ᠵᠠᠰᠠᠯᠳᠠ ᠰᠠᠶᠢᠨ᠂ ᠠᠷᠠᠳ  ᠪᠠᠶᠠᠨ᠂   ᠨᠤᠳᠤᠭ ᠭᠤᠶᠣ  ︾ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠵᠢᠷᠤᠭᠯᠠᠵᠤ ᠪᠤᠢ᠃       ᠨᠢᠭᠡ ᠳᠤ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠪᠠᠶᠢᠭᠤᠯᠤᠭᠰᠠᠨ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠡᠭᠦᠷ ᠤᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠨ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ  ᠭᠡᠰᠢᠬᠦᠳ ᠢ ᠰᠢᠯᠢᠳᠡᠭᠵᠢᠬᠦᠯᠦᠨ ᠲᠣᠬᠢᠷᠠᠭᠤᠯᠬᠤ ᠶᠢᠨ ᠬᠠᠮᠳᠤ᠂ ︽ᠪᠠᠷᠢᠮᠵᠢᠶ᠎ᠠ ᠲᠠᠢ ᠬᠠᠷᠭᠤᠭᠤᠯᠵᠤ ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠤᠨ᠂ ᠱᠠᠩ ᠫᠢ ᠹᠠᠩ ᠲᠣᠰᠬᠤᠨ ᠢ ᠠᠶᠢᠮᠠᠭ ᠤᠨ ᠲᠡᠰ ᠤᠨ ︽ᠬᠠᠮᠤᠭ ᠤᠨ ᠬᠦᠴᠦᠷᠬᠡᠭ ᠨᠠᠮ ᠤᠨ ᠡᠭᠦᠷ︾  ᠤᠨ ᠵᠢᠱᠢᠶ᠎ᠡ ᠦᠵᠡᠭᠦᠯᠬᠦ ᠴᠡᠭ  ᠪᠠ ᠠᠶᠢᠮᠠᠭ ᠤᠨ ᠲᠡᠰ ᠤᠨ ︽ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ︾  ᠪᠤᠯᠭᠠᠵᠤ  ᠪᠠᠶᠢᠭᠤᠯᠬᠤ   ᠶᠢ ᠠᠬᠢᠭᠤᠯᠤᠭᠰᠠᠨ ᠪᠠᠶᠢᠨ᠎ᠠ᠃    ᠬᠤᠶᠠᠷ ᠲᠤ᠂  ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠭᠰᠠᠨ᠃  ᠶᠦᠩ ᠹᠧᠩ ᠪᠠᠯᠭᠠᠰᠤ ᠨᠢ ᠳᠡᠭᠡᠳᠦ ᠱᠠᠲᠤᠨ ᠤ ᠲᠥᠷᠥᠯ ᠵᠦᠢᠯ ᠪᠠ ᠪᠡᠯᠡ ᠮᠥᠩᠭᠦ ᠶᠢ ᠢᠳᠡᠪᠬᠢᠲᠡᠢ  ᠡᠷᠡᠮᠡᠯᠵᠡᠯᠡᠨ ᠣᠯᠵᠤ᠂ 2400 ᠬᠠᠪᠳᠠᠭᠠᠢ ᠳᠥᠷᠪᠡᠯᠵᠢᠨ ᠮᠧᠲᠷ ᠤᠨ ᠲᠥᠮᠥᠰᠥ ᠬᠠᠳᠠᠭᠠᠯᠠᠬᠤ ᠦᠢᠯᠡᠳᠪᠦᠷᠢ ᠶᠢᠨ ᠲᠠᠰᠤᠭ 1 ᠶᠢ  ᠪᠠᠶᠢᠭᠤᠯᠵᠤ᠂ ︽ᠨᠠᠮ ᠤᠨ ᠡᠭᠦᠷ +  ᠲᠤᠰᠬᠠᠢ ᠬᠤᠷᠰᠢᠶ᠎ᠠ + ᠲᠠᠷᠢᠶᠠᠴᠢᠨ ᠡᠷᠦᠬᠡ︾ ᠶᠢᠨ  ᠬᠡᠯᠪᠡᠷᠢ ᠪᠠᠷ 20 ᠭᠠᠷᠤᠢ ᠲᠠᠷᠢᠶᠠᠴᠢᠨ ᠡᠷᠦᠬᠡ ᠶᠢ ᠳᠠᠶᠢᠴᠢᠯᠠᠨ ᠦᠢᠯᠡᠳᠪᠦᠷᠢ ᠶᠢᠨ ᠲᠠᠰᠤᠭ ᠲᠤ ᠠᠵᠢᠯ ᠤᠯᠭᠤᠭᠰᠠᠨ ᠪᠦᠭᠡᠳ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ ᠵᠢᠯ ᠳᠤ 15 ᠲᠦᠮᠡᠨ ᠲᠥᠭᠦᠷᠢᠭ ᠨᠡᠮᠡᠭᠳᠡᠬᠦᠯᠵᠡᠢ᠃ ᠡᠭᠦᠨ ᠤ  ᠬᠠᠮᠳᠤ᠂  ᠲᠦᠪᠯᠡᠷᠡᠭᠰᠡᠨ ᠮᠠᠯᠵᠢᠯ ᠤᠨ ᠲᠤᠭᠤᠷᠢᠭ ᠢ ᠶᠡᠬᠡᠪᠡᠷ ᠬᠥᠭᠵᠢᠭᠦᠯᠵᠦ᠂ 41 ᠮᠤ᠋ ᠲᠠᠯᠠᠪᠠᠢ ᠪᠦᠬᠦᠢ 320 ᠲᠤᠯᠤᠭᠠᠢ  ᠦᠬᠡᠷ ᠮᠠᠯᠵᠢᠵᠤ ᠲᠡᠶᠢᠯᠬᠦ ᠮᠠᠯᠵᠢᠯ ᠤᠨ  ᠲᠤᠭᠤᠷᠢᠭ 1 ᠶᠢ ᠪᠠᠶᠢᠭᠤᠯᠪᠠ᠃  ᠡᠶᠢᠨ ᠬᠦ᠋ ᠲᠠᠷᠢᠶᠠᠴᠢᠳ  ᠠᠶᠢᠯ ᠲᠣᠰᠬᠤᠨ ᠠᠴᠠ ᠪᠠᠨ ᠭᠠᠷᠬᠤ ᠦᠬᠡᠢ ᠪᠠᠷ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠵᠦ᠂ 2022 ᠣᠨ ᠳᠤ ᠲᠤᠰ ᠲᠤᠰᠬᠤᠨ ᠨᠢ ᠤᠯᠤᠰ ᠤᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠭᠰᠡᠨ ᠪᠠᠶᠢᠨ᠎ᠠ᠃    ᠭᠤᠷᠪᠠ ᠳᠤ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠨᠠᠷᠠᠲᠤ  ᠲᠡᠮᠳᠡᠭ ᠢ ᠡᠬᠦᠳᠦᠭᠰᠡᠨ᠃ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ︽ᠨᠢᠭᠡ  ᠦᠢᠯᠡᠴᠢᠯᠡᠭᠡᠨ ᠤ ᠲᠥᠪ ᠨᠢᠭᠡ ᠨᠠᠷᠠᠲᠤ ᠲᠡᠮᠳᠡᠭ︾ ᠤᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ ᠰᠠᠭᠤᠷᠢᠨ ᠭᠠᠵᠠᠷ ᠢ ᠲᠠᠰᠤᠷᠠᠯᠲᠠ ᠦᠭᠡᠢ ᠬᠦᠴᠦᠷᠬᠡᠭᠵᠢᠭᠦᠯᠦᠨ᠂  ᠡᠩᠨᠡᠭᠡ ᠪᠠᠨ  ᠰᠢᠯᠢᠳᠡᠭᠵᠢᠬᠦᠯᠵᠦ᠂ ᠦᠢᠯᠡᠴᠢᠯᠡᠭᠡ ᠪᠠᠨ ᠴᠢᠩᠭᠠᠳᠬᠠᠵᠤ ᠢᠷᠡᠵᠡᠢ᠃ 2022 ᠣᠨ ᠳᠤ᠂ ᠳᠡᠭᠡᠳᠦ ᠱᠠᠲᠤᠨ ᠤ ᠪᠡᠯᠡ ᠮᠥᠩᠭᠦ ᠶᠢ 90 ᠭᠠᠷᠤᠢ ᠲᠦᠮᠡᠨ ᠲᠥᠭᠦᠷᠢᠭ ᠡᠷᠡᠮᠡᠯᠵᠡᠯᠡᠨ ᠣᠯᠵᠤ᠂   ᠱᠠᠩ ᠫᠢ ᠹᠠᠩ ᠲᠤᠰᠬᠤᠨ ᠤ 594 ᠬᠠᠪᠳᠠᠭᠠᠢ ᠳᠥᠷᠪᠡᠯᠵᠢᠨ ᠮᠧᠲᠷ ᠲᠠᠯᠠᠪᠠᠢ ᠪᠦᠬᠦᠢ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ  ᠲᠥᠪ ᠢ ᠰᠢᠨ᠎ᠡ ᠪᠠᠷ ᠪᠠᠶᠢᠭᠤᠯᠤᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠰᠤᠭ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ  ᠥᠷᠲᠡᠭᠡ᠂ ᠬᠦᠳᠡᠯᠪᠦᠷᠢ ᠠᠵᠢᠯᠯᠠᠭᠠᠨ ᠤ ᠲᠠᠰᠤᠭ᠂ ︽ᠵᠠᠷᠭᠤ ᠦᠭᠡᠢ ᠲᠣᠰᠬᠤᠨ︾ ᠤ ᠠᠵᠢᠯ ᠤᠨ ᠥᠷᠲᠡᠭᠡ᠂ ᠬᠥᠳᠡᠭᠡ ᠲᠣᠰᠬᠤᠨ ᠤ ᠵᠠᠰᠠᠯᠲᠠ ᠶᠢᠨ ᠠᠯᠪᠠᠨ ᠭᠡᠷ ᠵᠡᠷᠭᠡ 8 ᠲᠥᠷᠥᠯ ᠤᠨ ᠴᠢᠳᠠᠮᠵᠢ ᠶᠢᠨ ᠲᠠᠰᠤᠭ ᠬᠤᠪᠢᠶᠠᠵᠤ᠂ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠬᠠᠲᠠᠭᠤ  ᠲᠤᠨᠤᠭ ᠤᠨ ᠴᠢᠳᠠᠮᠵᠢ ᠶᠢ ᠪᠦᠷᠢᠨᠰᠢᠬᠦᠯᠪᠡ᠃ ᠡᠭᠦᠨ ᠤ ᠬᠠᠮᠲᠤ᠂ ︽ᠬᠠᠪᠰᠤᠷᠤᠨ  ᠬᠦᠢᠴᠡᠳᠭᠡᠵᠦ ᠣᠷᠣᠯᠠᠨ ᠭᠦᠢᠴᠡᠳᠬᠡᠬᠦ︾ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠵᠢᠯ ᠤᠨ ᠴᠤᠩᠬᠤᠪᠴᠢ ᠶᠢ ᠨᠢᠭᠡᠳᠦᠯᠲᠡᠢ ᠲᠣᠬᠢᠷᠠᠭᠤᠯᠤᠨ᠂ 25 ᠲᠦᠷᠦᠯ ᠤᠨ ᠬᠠᠪᠰᠤᠷᠤᠨ ᠬᠦᠢᠴᠡᠳᠭᠡᠵᠦ ᠣᠷᠣᠯᠠᠨ ᠭᠦᠢᠴᠡᠳᠬᠡᠬᠦ ᠵᠦᠢᠯᠡᠰ ᠢ ᠲᠤᠭᠳᠠᠭᠠᠵᠤ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ  ᠲᠥᠪ ᠤᠨ ᠠᠵᠢᠯ ᠤᠨ ᠳᠦᠷᠢᠮ ᠲᠣᠭᠲᠠᠴᠠ ᠶᠢ 7 ᠲᠣᠮᠣ  ᠲᠦᠷᠦᠯ᠂ 34 ᠵᠢᠵᠢᠭ ᠵᠦᠢᠯ ᠪᠤᠯᠭᠠᠨ ᠲᠡᠬᠦᠯᠳᠡᠷᠵᠢᠬᠦᠯᠦᠭᠡᠳ᠂ ᠪᠥᠬᠦ ᠲᠣᠰᠬᠤᠨ ᠤ ᠨᠠᠮ ᠤᠨ ᠭᠡᠰᠢᠭᠦᠨ ᠣᠯᠠᠨ ᠲᠦᠮᠡᠨ ᠳᠤ ︽ᠵᠠᠪᠰᠠᠷ ᠦᠭᠡᠢ︾ ᠰᠠᠶᠢᠨ ᠦᠢᠯᠡᠴᠢᠯᠡᠬᠦ ᠶᠢ ᠪᠡᠶᠡᠯᠡᠬᠦᠯᠦᠭᠰᠡᠨ ᠪᠠᠶᠢᠨ᠎ᠠ᠃     ᠳᠥᠷᠪᠡ ᠳᠤ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠴᠢᠯᠡᠭᠡᠨ ᠤ ᠪᠦᠳᠦᠴᠡ ᠶᠢ ᠪᠦᠷᠢᠨᠰᠢᠬᠦᠯᠦᠭᠰᠡᠨ᠃  ︽1+N︾ ᠪᠦᠯᠬᠦᠮ ᠮᠠᠶ᠋ᠢᠭ ᠤᠨ ᠦᠢᠯᠡᠴᠢᠯᠡᠭᠡ ᠶᠢ ᠬᠡᠷᠡᠭᠵᠢᠭᠦᠯᠵᠦ᠂   ᠠᠷᠠᠳ ᠤᠨ ᠠᠮᠢᠳᠤᠷᠠᠯ ᠤᠨ ᠠᠰᠠᠭᠤᠳᠠᠯ ᠢ ᠲᠦᠷᠭᠡᠨ ᠬᠤᠷᠳᠤ ᠥᠨᠳᠥᠷ ᠪᠦᠳᠦᠮᠵᠢ ᠪᠠᠷ ᠬᠠᠮᠳᠤᠷᠠᠨ ᠰᠢᠢᠳᠪᠦᠷᠢᠯᠡᠬᠦ ᠶᠢᠨ ᠬᠠᠮᠲᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠬᠡᠪᠴᠢᠶ᠎ᠡ ᠶᠢ ᠦᠷᠭᠡᠳᠭᠡᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ᠂ ᠬᠠᠶᠢᠷ᠎ᠠ ᠬᠠᠯᠠᠮᠵᠢ ᠬᠦᠷᠭᠡᠬᠦ ᠰᠠᠯᠪᠤᠷᠢ ᠠᠩᠭᠢ ᠵᠡᠷᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠲᠠᠶᠢᠴᠢᠯᠠᠬᠤ ︽ᠡᠴᠦᠰ ᠤᠨ ᠨᠢᠭᠡ ᠮᠧᠲᠷ︾  ᠢ  ᠨᠡᠪᠳᠡᠷᠡᠬᠦᠯᠵᠡᠢ᠃ 2022 ᠣᠨ ᠳᠤ ᠱᠠᠩ ᠫᠢ ᠹᠠᠩ  ᠲᠤᠰᠬᠤᠨ ᠨᠢ ︽ ᠵᠠᠷᠭᠤ  ᠦᠭᠡᠢ ᠲᠣᠰᠬᠤᠨ︾ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ  ᠢᠶᠠᠷ ᠦᠨᠡᠯᠡᠭᠳᠡᠵᠦ᠂ 2023 ᠣᠨ ᠳᠤ  ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠰᠣᠩᠭᠤᠭᠳᠠᠪᠠ᠃       ᠲᠠᠪᠤ ᠳᠤ᠂  ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠰᠢᠨ᠎ᠡ ᠵᠠᠭᠪᠤᠷ ᠢ ᠡᠬᠦᠳᠦᠭᠰᠡᠨ᠃ ᠰᠠᠭᠤᠷᠢ ᠶᠢᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ ᠪᠠ ᠲᠣᠭᠲᠠᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢᠨ ᠵᠠᠭᠪᠤᠷ ᠢ ᠰᠢᠨᠡᠴᠢᠯᠡᠨ᠂  2022 ᠣᠨ ᠳᠤ ᠳᠡᠭᠡᠳᠦ ᠱᠠᠲᠤᠨ ᠤ ᠪᠡᠯᠡ  ᠮᠦᠩᠬᠦ 900 ᠲᠦᠮᠡ ᠰᠢᠬᠠᠮ ᠲᠥᠭᠦᠷᠢᠭ ᠢ ᠡᠷᠡᠮᠡᠯᠵᠡᠯᠡᠨ ᠣᠯᠵᠤ᠂  ᠰᠣᠶᠣᠯ ᠤᠨ ᠠᠵᠢᠯᠯᠠᠭᠠᠨ ᠤ ᠲᠥᠪ᠂ ᠴᠡᠴᠡᠷᠯᠢᠭ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠠ ᠵᠡᠭᠡᠯᠢ ᠭᠤᠳᠤᠮᠵᠢ ᠶᠢ ᠬᠠᠲᠠᠭᠤᠷᠠᠭᠤᠯᠤᠨ ᠭᠡᠷᠡᠯᠳᠦᠬᠦᠯᠬᠦ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ᠂ ᠡᠷᠦᠬᠡ ᠶᠢᠨ ᠵᠣᠷᠯᠣᠩ ᠢ ᠦᠬᠡᠷᠡᠴᠢᠯᠡᠨ ᠰᠠᠶᠢᠵᠢᠷᠠᠭᠤᠯᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠦ᠂  ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠪᠠᠲᠤ ᠪᠠᠬᠢ ᠬᠠᠲᠠᠭᠤ ᠲᠤᠨᠤᠭ ᠤᠨ ᠰᠠᠭᠤᠷᠢ ᠶᠢ ᠲᠠᠯᠪᠢᠭᠰᠠᠨ ᠪᠠᠶᠢᠨ᠎ᠠ ᠃ ᠡᠭᠦᠨ ᠤ ᠬᠠᠮᠲᠤ᠂ ︽ᠳᠥᠷᠪᠡᠨ ᠬᠡᠰᠡᠭ᠂ ᠨᠢᠭᠡ ᠵᠠᠮ᠂ ᠨᠢᠭᠡ ᠲᠣᠭᠤᠷᠢᠭ︾  ᠠᠷᠢᠭᠤᠨ ᠴᠡᠪᠡᠷ ᠤᠨ ᠬᠠᠷᠢᠭᠤᠴᠠᠯᠭ᠎ᠠ ᠶᠢᠨ ᠲᠣᠭᠤᠷᠢᠭ ᠢ ᠵᠦᠢ ᠵᠣᠬᠢᠰᠲᠠᠢ ᠬᠤᠪᠢᠶᠠᠷᠢᠯᠠᠵᠤ᠂  ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ 13 ᠶᠢ ᠲᠤᠬᠢᠷᠠᠭᠤᠯᠤᠨ᠂  ᠬᠤᠭ ᠨᠤᠪᠰᠢ ᠶᠢ ︽ᠬᠠᠶᠠᠬᠤ᠂  ᠴᠤᠭᠯᠠᠭᠤᠯᠬᠤ᠂  ᠲᠡᠭᠡᠭᠡᠪᠦᠷᠢᠯᠡᠬᠦ  ︾   +  ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ ᠤᠨ ︽ᠬᠤᠪᠢ ᠬᠤᠷᠠᠮᠳᠤᠭᠤᠯᠵᠤ ᠶᠠᠭᠤᠮ᠎ᠠ ᠰᠤᠯᠢᠬᠤ  ︾  + ᠪᠣᠯᠪᠠᠰᠤᠨ ᠢᠶᠠᠷ ᠠᠳᠠᠯᠢᠳᠬᠠᠨ ᠰᠢᠯᠭᠠᠷᠠᠭᠤᠯᠬᠤ  ᠶᠡᠷᠦᠩᠬᠡᠶᠢᠯᠡᠭᠰᠡᠨ ᠵᠠᠰᠠᠯᠳᠠ ᠶᠢᠨ ᠬᠡᠯᠪᠡᠷᠢ ᠪᠠᠷ ᠲᠠᠮᠵᠢᠭᠠᠳ᠂ ︽ᠬᠥᠮᠥᠨ ᠪᠣᠯᠭᠠᠨ ᠤᠬᠠᠭᠤᠯᠬᠤ᠂ ᠬᠥᠮᠥᠨ ᠪᠣᠯᠭᠠᠨ ᠣᠷᠣᠯᠴᠠᠬᠤ᠂ ᠬᠥᠮᠥᠨ ᠪᠣᠯᠭᠠᠨ ᠬᠠᠮᠠᠭᠠᠯᠠᠬᠤ︾  ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢᠨ ᠰᠠᠶᠢᠨ ᠰᠠᠶᠢᠬᠠᠨ ᠲᠣᠭᠲᠠᠴᠠ ᠶᠢ ᠪᠣᠶ ᠪᠣᠯᠭᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号