ᠴᠧᠨ ᠶᠠᠨ ᠪᠦᠦ ᠰᠢᠯᠢ ᠶᠢᠨ ᠭᠤᠣᠯ ᠴᠠᠬᠢᠯᠭᠠᠨ ᠬᠠᠩᠭᠠᠬᠤ ᠺᠣᠮᠫᠠᠨᠢ ᠶᠢᠨ ᠳᠠᠭᠠᠭᠠᠮᠠᠯ ᠦ᠋ ᠶᠦᠩ ᠴᠢᠶᠠᠩ ᠵᠡᠷᠭᠡ ᠬᠦᠮᠦᠰ ᠲᠠᠢ ᠶᠠᠷᠢᠯᠴᠠᠭᠰᠠᠨ
ᠨᠡᠶᠢᠲᠡᠯᠡᠭᠰᠡᠨ ᠴᠠᠭ᠄
2024/3/27
    3 ᠰᠠᠷ᠎ᠠ ᠶᠢᠨ 26᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠰᠢᠯᠢ ᠶᠢᠨ ᠭᠤᠣᠯ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠦ᠋ ᠶᠦᠩ ᠴᠢᠶᠠᠩ ᠵᠡᠷᠭᠡ ᠬᠦᠮᠦᠰ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ᠂ ᠠᠵᠤ ᠠᠬᠤᠶᠢᠯᠠᠯ ᠤᠨ ᠴᠠᠬᠢᠯᠭᠠᠨ ᠬᠠᠩᠭᠠᠯᠭ᠎ᠠ ᠵᠡᠷᠭᠡ ᠤᠴᠢᠷ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠰᠤᠯᠢᠯᠴᠠᠵᠠᠢ᠃ ᠴᠧᠨ ᠶᠠᠨ ᠪᠦᠦ ᠰᠢᠯᠢ ᠶᠢᠨ ᠭᠤᠣᠯ ᠴᠠᠬᠢᠯᠭᠠᠨ ᠬᠠᠩᠭᠠᠬᠤ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠯ ᠢᠯᠡᠷᠭᠡᠶᠢᠯᠡᠭᠰᠡᠨ ᠤ ᠬᠠᠮᠳᠤ᠂ ᠰᠢᠯᠢ ᠶᠢᠨ ᠭᠤᠣᠯ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠲᠠᠶᠢᠹᠤᠰᠧ ᠬᠤᠰᠢᠭᠤᠨ ᠤ ᠬᠥᠭᠵᠢᠯᠲᠡ ᠶᠢ ᠳᠡᠮᠵᠢᠵᠦ᠂  ᠭᠤᠣᠯᠳᠠᠯᠭ᠎ᠠ ᠲᠠᠢ ᠴᠠᠬᠢᠯᠭᠠᠨ ᠬᠦᠴᠦᠨ ᠤ ᠢᠨᠵᠧᠨᠧᠷᠢᠩ ᠤᠨ  ᠪᠠᠶᠢᠭᠤᠯᠤᠯᠲᠠ  ᠶᠢ ᠲᠦᠷᠭᠡᠳᠭᠡᠨ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠦᠴᠦᠨ ᠤ ᠳᠤᠲᠠᠭᠤᠳᠠᠯ ᠢ ᠨᠥᠬᠦᠪᠦᠷᠢᠯᠡᠵᠦ᠂ ᠠᠵᠤ ᠠᠬᠤᠶᠢᠯᠠᠯ ᠪᠠ ᠠᠷᠠᠳ ᠣᠯᠠᠨ ᠳᠤ ᠨᠠᠩ ᠰᠢᠯᠢᠳᠡᠭ ᠴᠠᠬᠢᠯᠭᠠᠨ ᠬᠠᠩᠭᠠᠬᠤ ᠦᠢᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ᠂ ᠲᠠᠶᠢᠹᠤᠰᠧ ᠬᠤᠰᠢᠭᠤᠨ ᠤ ᠬᠢᠨ ᠪᠥᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠡᠢ᠃ ᠦ᠋ ᠶᠦᠩ ᠴᠢᠶᠠᠩ ᠠᠴᠠ ᠴᠤ ᠲᠠᠶᠢᠹᠤᠰᠧ ᠬᠤᠰᠢᠭᠤᠨ ᠤ ᠬᠢᠨ ᠤᠷᠳᠤ ᠬᠤᠭᠤᠴᠠᠭᠠᠨ ᠤ ᠲᠤᠷᠰᠢ ᠴᠠᠬᠢᠯᠭᠠᠨ ᠬᠦᠴᠦᠨ ᠤ ᠪᠠᠶᠢᠭᠤᠯᠤᠯᠲᠠ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ᠂ ᠰᠢᠯᠢ ᠶᠢᠨ ᠭᠤᠣᠯ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠨ᠂ ᠴᠠᠬᠢᠯᠭᠠᠨ ᠬᠦᠴᠦᠨ ᠤ ᠴᠢᠳᠠᠪᠬᠢ ᠶᠢ ᠪᠦᠷᠢᠨᠰᠢᠬᠦᠯᠵᠦ᠂ ᠴᠠᠬᠢᠯᠭᠠᠨ ᠬᠠᠩᠭᠠᠬᠤ ᠴᠢᠳᠠᠪᠤᠷᠢ ᠶᠢ ᠲᠡᠭᠡᠭᠰᠢᠯᠡᠬᠦᠯᠦᠨ᠂ ᠠᠷᠠᠳ ᠢᠷᠭᠡᠳ ᠪᠠ ᠠᠵᠤ ᠠᠬᠤᠶᠢᠯᠠᠯ ᠤᠨ ᠴᠠᠬᠢᠯᠭᠠᠨ ᠤ ᠬᠡᠷᠡᠭᠴᠡᠭᠡ ᠶᠢ ᠪᠠᠳᠤᠯᠠᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ ᠭᠡᠵᠦ ᠢᠯᠡᠷᠭᠡᠶᠢᠯᠡᠭᠰᠡᠨ ᠪᠠᠶᠢᠨ᠎ᠠ᠃ ᠪᠦᠦ ᠴᠢᠩ ᠱᠠᠨ᠂ ᠮᠠ ᠵᠥᠩ ᠰᠢᠶᠦ᠋ᠨ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号