ᠲᠠᠶᠢᠹᠤᠰᠧ ᠬᠤᠰᠢᠭᠤ ᠤᠬᠠᠭᠤᠯᠭ᠎ᠠ ᠪᠠᠶᠢᠴᠠᠭᠠᠯᠳᠠ ᠶᠢ ᠡᠷᠴᠢᠮᠵᠢᠬᠦᠯᠵᠦ ᠭᠠᠯ ᠰᠡᠷᠭᠡᠶᠢᠯᠡᠯᠳᠡ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/3/27
  ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠢ ᠦᠨᠡᠨ ᠬᠦ ᠰᠠᠶᠢᠨ ᠬᠢᠵᠦ᠂ ᠡᠶ᠎ᠡ ᠵᠣᠬᠢᠴᠠᠯ ᠲᠠᠢ᠂ ᠠᠮᠤᠷ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ ᠢ ᠪᠣᠯᠭᠠᠬᠤ ᠶᠢᠨ ᠲᠥᠯᠥᠭᠡ᠂ 3 ᠰᠠᠷ᠎ᠠ ᠶᠢᠨ 26᠎ ᠤ ᠡᠳᠦᠷ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯ ᠥᠷᠨᠢᠭᠦᠯᠪᠡ᠃  ᠴᠠᠭᠳᠠᠨ ᠪᠠᠶᠢᠴᠠᠭᠠᠬᠤ ᠬᠤᠭᠤᠴᠠᠭᠠᠨ ᠳᠤ᠂ ᠭᠠᠯ ᠤᠨᠲᠠᠷᠠᠭᠠᠭᠴᠢ ᠪᠣᠯᠣᠨ ᠤᠢ ᠰᠢᠭᠤᠢ ᠬᠠᠮᠠᠭᠠᠯᠠᠭᠴᠢ ᠠᠴᠠ ᠬᠠᠮᠠᠭᠠᠯᠠᠯᠲᠠ ᠶᠢᠨ ᠣᠷᠣᠨ ᠤ ᠳᠣᠲᠣᠷᠠᠬᠢ ᠰᠢᠲᠠᠮᠠᠬᠠᠢ ᠪᠣᠳᠠᠰ ᠢ ᠴᠡᠪᠡᠷᠯᠡᠨ ᠠᠷᠢᠯᠭᠠᠭᠰᠠᠨ ᠤ ᠬᠠᠮᠲᠤ᠂  ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ︽1+1᠎ ᠨᠢ 2᠎ ᠠᠴᠠ ᠶᠡᠭᠡ︾ ᠪᠠᠶᠢᠬᠤ ᠦᠢᠯᠡᠳᠦᠯ ᠴᠢᠳᠠᠮᠵᠢ ᠶᠢ ᠪᠡᠶᠡᠯᠡᠬᠦᠯᠦᠨ᠂ ᠤᠢ ᠰᠢᠭᠤᠢ ᠨᠤᠳᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠪᠠ ᠪᠠᠭᠠᠰᠬᠠᠬᠤ ᠪᠠᠷ ᠴᠢᠷᠮᠠᠶᠢᠵᠠᠢ᠃  ᠤᠬᠠᠭᠤᠯᠭ᠎ᠠ ᠬᠢᠬᠦ ᠶᠠᠪᠤᠴᠠ ᠳᠤ᠂ ᠭᠠᠯ ᠤᠨᠲᠠᠷᠠᠭᠠᠭᠴᠢ ᠪᠣᠯᠣᠨ ᠣᠶ ᠰᠢᠭᠤᠢ ᠬᠠᠮᠠᠭᠠᠯᠠᠭᠴᠢ ᠠᠴᠠ ᠬᠡᠭᠡᠷ᠎ᠡ ᠭᠠᠳᠠᠨ᠎ᠠ ᠠᠵᠢᠯᠯᠠᠬᠤ ᠳᠠᠭᠠᠨ ᠭᠠᠯ ᠤᠨ ᠠᠶᠤᠯ ᠢ ᠠᠩᠬᠠᠷᠴᠤ᠂   ᠲᠠᠮᠠᠬᠢᠨ ᠶᠤᠵᠤᠭᠤᠷ ᠎ ᠢᠶᠠᠨ ᠬᠠᠶᠠᠬᠤ᠂   ᠢᠯᠡ ᠭᠠᠯ ᠢᠶᠠᠷ ᠲᠤᠭᠤᠭᠠᠯᠠᠬᠤ ᠵᠡᠷᠭᠡ ᠠᠶᠤᠯ ᠲᠦᠭᠰᠢᠬᠦᠷᠢ ᠠᠮᠠᠷᠬᠠᠨ ᠡᠭᠦᠰᠬᠡᠬᠦ ᠦᠶᠯᠡ ᠠᠵᠢᠯᠯᠠᠭ᠎ᠠ ᠶᠢ ᠴᠢᠩᠭ᠎ᠠ  ᠴᠠᠭᠠᠵᠠᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠢᠳᠡᠪᠬᠢᠲᠡᠢ ᠣᠷᠣᠯᠴᠠᠵᠤ᠂ ᠭᠠᠯ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠮᠡᠳᠡᠬᠦᠯᠬᠦ ᠭᠡᠷᠡᠭᠳᠡᠢ ᠬᠡᠵᠦ ᠣᠯᠠᠨ ᠲᠦᠮᠡᠨ ᠢ ᠤᠷᠢᠶᠠᠯᠠᠭᠰᠠᠨ ᠪᠠᠶᠢᠨ᠎ᠠ᠃  ᠡᠨᠡ ᠤᠳᠠᠭᠠᠨ ᠤ  ᠬᠠᠮᠳᠤᠷᠠᠭᠰᠠᠨ ᠠᠵᠢᠯᠯᠠᠭ᠎ᠠ ᠪᠠᠷ ᠲᠠᠮᠵᠢᠭᠠᠳ᠂  ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠰᠠᠭᠤᠷᠢ ᠶᠢ ᠤᠯᠠᠮ ᠪᠠᠳᠤᠳᠬᠠᠵᠠᠢ᠃ ᠲᠠᠷᠠᠭᠠᠴᠢ ᠶᠢᠨ ᠠᠯᠬᠤᠮ ᠳᠤ᠂ ᠬᠤᠶᠠᠷ ᠰᠠᠯᠠᠭ᠎ᠠ ᠮᠥᠴᠢᠷ ᠤᠨ ᠬᠢᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠪᠠᠶᠢᠩᠭᠤ ᠦᠷᠨᠢᠬᠦᠯᠬᠦ ᠶᠢᠨ ᠲᠠᠭᠠᠤ᠂  ᠬᠡᠮ ᠰᠤᠭᠤᠭ ᠢ ᠪᠠᠶᠢᠴᠠᠭᠠᠨ ᠢᠯᠡᠷᠡᠬᠦᠯᠬᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂  ᠭᠠᠯ ᠤᠨᠳᠠᠷᠠᠭᠠᠠᠬᠤ ᠪᠣᠯᠪᠠᠰᠤᠷᠠᠯ ᠰᠤᠷᠢᠯᠳᠠ ᠵᠡᠷᠭᠡ ᠠᠵᠢᠯ ᠢ ᠪᠥᠬᠦ ᠬᠦᠴᠦᠨ ᠢᠶᠠᠷ ᠰᠠᠶᠢᠨ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠳᠤ ᠴᠤᠭᠴᠠᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ  ᠪᠠᠳᠤᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号