ᠬᠤᠰᠢᠭᠤ ᠨᠠᠮ ᠤᠨ ᠬᠤᠷᠢᠶᠠᠨ ᠤ 91 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/3/27
   3 ᠰᠠᠷ᠎ᠠ ᠶᠢᠨ 27᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 91  ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠲᠤᠭᠳᠠᠭᠠᠬᠤ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ  ᠎ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠎ ᠶᠢᠨ ᠬᠠᠮᠢᠶ᠎ᠠ ᠪᠦᠬᠦᠢ ᠠᠭᠤᠯᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹀ ᠲᠣᠭᠲᠠᠭᠠᠯ ᠤᠳ︾  ᠎ ᠤᠨ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠢᠶᠠᠷ ᠪᠠᠰᠠ ᠪᠤᠰᠤᠳ ᠵᠦᠢᠯᠡᠰ ᠢ ᠶᠠᠷᠢᠯᠴᠠᠨ ᠰᠤᠳᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号