ᠦᠨᠡᠨᠴᠢ ᠢᠳᠡᠭᠡᠮᠵᠢ ᠪᠠᠷ ᠲᠦᠷᠢ ᠲᠦᠷᠬᠦ ᠪᠠᠨ ᠱᠤᠭᠤᠵᠤ ᠦᠨᠡᠨᠴᠢ ᠢᠳᠡᠭᠡᠮᠵᠢ ᠪᠠᠷ ᠠᠵᠤ ᠠᠬᠤᠶᠢᠯᠠᠯ  ᠢᠶᠠᠨ ᠬᠦᠭᠵᠢᠬᠦᠯᠦᠨ᠎ᠡ
ᠨᠡᠶᠢᠲᠡᠯᠡᠭᠰᠡᠨ ᠴᠠᠭ᠄
2024/3/27
  ︽ᠦᠨᠡᠨᠴᠢ ᠢᠳᠡᠭᠡᠮᠵᠢᠳᠡᠢ ᠪᠠᠷ ᠠᠷᠠᠯᠵᠢᠶ᠎ᠠ ᠡᠷᠬᠢᠯᠡᠵᠦ᠂ ᠡᠷᠭᠡ ᠲᠡᠭᠰᠢ ᠪᠠᠷ ᠡᠵᠡᠩᠨᠡᠨ ᠪᠤᠷᠤᠯᠠᠭᠤᠯᠬᠤ︾ ᠪᠣᠯ ᠡᠷᠳᠡ ᠲᠡᠭᠡᠳᠦ ᠠᠴᠠ ᠤᠯᠠᠮᠵᠢᠯᠠᠵᠤ ᠢᠷᠡᠭᠰᠡᠨ ᠪᠣᠷᠣᠭᠵᠢᠭᠤᠨ ᠬᠤᠳᠠᠯᠳᠤᠭᠠᠨ ᠤ ᠦᠷᠳᠡᠭ ᠤᠨ ᠦᠵᠡᠯᠲᠡ ᠪᠢᠯᠡ᠂ ᠤᠳᠤ ᠶᠢᠨ ᠨᠡᠶᠢᠭᠡᠮ ᠳᠤ ᠭᠡᠰᠡᠨ ᠠᠳᠠᠯᠢ ᠪᠠᠷ᠂ ᠦᠨᠡᠨᠴᠢ ᠢᠲᠡᠭᠡᠮᠵᠢᠲᠡᠢ ᠡᠵᠡᠩᠨᠡᠯᠲᠡ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠭᠤᠣᠯᠯᠠᠭᠴᠢ ᠦᠷᠢᠰᠦᠯᠳᠦᠭᠡᠨ ᠤ ᠬᠦᠴᠦᠨ ᠪᠤᠯᠳᠠᠭ᠃  ᠰᠢᠯᠢ ᠶᠢᠨ ᠭᠤᠣᠯ ᠠᠶᠢᠮᠠᠭ ᠤᠨ ᠬᠤᠩ ᠵᠢᠩ ᠶᠤᠸᠠᠨ ᠢᠳᠡᠰᠢᠨ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠦᠨᠡᠨᠴᠢ ᠢᠲᠡᠭᠡᠮᠵᠢ︾ ᠶᠢ ᠠᠵᠤ ᠠᠬᠤᠶᠢᠯᠠᠯ ᠤᠨ  ᠢᠶᠠᠨ ᠭᠤᠤᠯᠯᠠᠭᠴᠢ ᠥᠷᠲᠡᠭ ᠤᠨ ᠦᠵᠡᠯᠲᠡ ᠶᠢᠨ ᠲᠡᠷᠢᠭᠦᠨ ᠪᠠᠶᠢᠷᠢᠨ ᠳᠤ ᠲᠠᠯᠪᠢᠭᠠᠳ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠠᠵᠤ ᠠᠬᠤᠶᠢᠯᠠᠯ ᠤᠨ ᠢᠶᠠᠨ ᠠᠯᠤᠰ ᠬᠡᠲᠦ ᠶᠢᠨ ᠬᠥᠭᠵᠢᠯᠲᠡ ᠶᠢ ᠪᠡᠶᠡᠯᠡᠬᠦᠯᠵᠦ ᠢᠷᠡᠭᠰᠡᠨ ᠶᠤᠮ᠃   ᠬᠤᠩ ᠵᠢᠩ ᠶᠤᠸᠠᠨ ᠺᠣᠮᠫᠠᠨᠢ ᠶᠢᠨ ᠦᠵᠡᠭᠦᠯᠦᠯᠭᠡ ᠶᠢᠨ ᠲᠢᠩᠬᠢᠮ ᠳᠤ ᠤᠷᠤᠬᠤᠶ᠎ᠠ᠂  ᠰᠢᠷᠡᠭᠡ ᠲᠦᠬᠦᠷᠡᠩ ᠦᠷᠦᠭᠰᠡᠨ ᠠᠮᠳᠠᠳᠤ ᠰᠠᠶᠢᠬᠠᠨ ᠪᠦᠲᠦᠭᠡᠭᠳᠡᠬᠦᠨ ᠪᠠ ᠭᠡᠷᠡᠮ ᠲᠦᠬᠦᠷᠳᠡᠯ᠎ᠡ ᠬᠠᠳᠠᠭᠰᠠᠨ ᠢᠷᠠᠭᠤ ᠠᠯᠳᠠᠷ ᠤᠨ ᠦᠨᠡᠮᠯᠡᠯ ᠤᠳ   ᠬᠠᠷᠠᠭᠠᠨ ᠳᠤ ᠲᠤᠳᠤᠷᠠᠵᠤ᠂ ᠠᠵᠤ ᠠᠬᠤᠶᠢᠯᠠᠯ ᠤᠨ ᠬᠡᠳᠦᠨ ᠠᠷᠪᠠᠨ ᠵᠢᠯ ᠤᠨ ᠬᠥᠭᠵᠢᠯᠲᠡ ᠶᠢᠨ ᠲᠡᠦᠬᠡ ᠶᠢ ᠭᠡᠷᠡᠴᠢᠯᠡᠨ᠎ᠡ᠃ ᠡᠭᠦᠨ ᠤ ᠲᠤᠳᠤᠷ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ᠎ᠡ ᠶᠢ ᠰᠠᠬᠢᠵᠤ ᠢᠲᠡᠭᠡᠮᠵᠢ ᠶᠢ ᠡᠷᠬᠢᠮᠡᠯᠭᠰᠡᠨ ᠠᠵᠤ ᠠᠬᠤᠶᠢᠯᠠᠯ︾ ᠬᠡᠮᠡᠬᠦ ᠠᠯᠳᠠᠨ ᠮᠧᠳᠠᠯ ᠤᠯᠠᠨ ᠠᠴᠠ ᠤᠨᠴᠠᠭᠠᠢ ᠬᠠᠷᠠᠭᠳᠠᠵᠤ ᠪᠠᠶᠢᠯ᠎ᠠ᠃ ᠡᠨᠡ ᠵᠢᠯ ᠤᠨ ᠡᠬᠢ ᠪᠠᠷ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ  ᠬᠤᠩ ᠵᠢᠩ ᠶᠤᠸᠠᠨ ᠺᠣᠮᠫᠠᠨᠢ ᠶᠢ ᠪᠠᠰᠠ ︽ᠥᠪᠥᠷ ᠮᠣᠩᠭᠤᠯ ᠤᠨ ᠬᠠᠭᠤᠴᠢᠨ ᠨᠠᠷᠠᠲᠤ ᠲᠡᠮᠳᠡᠭ︾   ᠢᠶᠠᠷ ᠰᠢᠯᠭᠠᠨ ᠲᠤᠭᠳᠠᠭᠠᠭᠰᠠᠨ ᠪᠠᠶᠢᠵᠠᠢ᠃     ᠬᠤᠩ ᠵᠢᠩ ᠶᠤᠸᠠᠨ ᠺᠣᠮᠫᠠᠨᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠡᠯᠲᠡᠰ ᠤᠨ ᠳᠠᠭᠠᠭᠠᠮᠠᠯ ᠬᠤ᠋ ᠯᠢᠶᠠᠩ᠄ ︽ᠪᠢᠳᠡ ᠦᠢᠯᠡᠳᠬᠦᠨ ᠢᠶᠠᠨ ᠰᠠᠶᠢᠨ ᠬᠢᠵᠦ᠂ ᠶᠠᠰᠤ ᠴᠢᠨᠠᠷ   ᠢ ᠪᠠᠲᠤᠯᠠᠭᠰᠠᠨ ᠤᠷᠢᠲᠠᠯ ᠳᠣᠣᠷ᠎ᠠ᠂ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠬᠠᠤᠯᠢ ᠰᠠᠬᠢᠯᠭ᠎ᠠ   ᠶᠢ ᠵᠢᠷᠤᠮᠯᠠᠨ᠂ ᠲᠤᠬᠠᠢ   ᠶᠢᠨ ᠭᠠᠵᠠᠷ ᠤᠨ ᠲᠠᠷᠢᠶᠠᠴᠢᠨ ᠡᠷᠦᠬᠡ ᠲᠠᠢ ᠰᠠᠶᠢᠨ ᠰᠠᠶᠢᠬᠠᠨ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠤᠭᠰᠠᠨ ᠪᠦᠭᠡᠳ ᠥᠷᠭᠡᠨ ᠣᠯᠠᠨ ᠠᠵᠢᠯᠳᠠᠨ ᠠᠵᠢᠯᠴᠢᠨ ᠲᠠᠢ ᠪᠠᠨ ᠡᠶ᠎ᠡ ᠵᠤᠬᠢᠴᠠᠩᠭᠤᠢ ᠬᠥᠳᠡᠯᠮᠦᠷᠢ   ᠶᠢᠨ ᠬᠠᠷᠢᠴᠠᠭ᠎ᠠ ᠪᠠᠶᠢᠭᠤᠯᠵᠤ᠂  ᠴᠠᠯᠢᠩ ᠬᠥᠯᠥᠰᠦ ᠶᠢ ᠴᠠᠭ ᠲᠤᠬᠠᠢ ᠳᠤᠨᠢ ᠤᠯᠭᠤᠨ  ᠂  ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠴᠠᠭ ᠲᠤᠬᠠᠢ ᠳᠤᠨᠢ ᠲᠤᠰᠢᠶᠠᠵᠤ᠂   ᠠᠵᠢᠯᠲᠠᠨ ᠠᠵᠢᠯᠴᠢᠨ ᠤ ᠪᠠᠨ ᠵᠣᠯ ᠵᠢᠷᠭᠠᠯ ᠤᠨ ᠵᠢᠭᠠᠯᠲᠠ ᠲᠤᠭ᠎ᠠ   ᠶᠢ ᠲᠡᠭᠡᠭᠰᠢᠯᠡᠬᠦᠯᠬᠦ ᠪᠠᠷ ᠴᠢᠷᠮᠠᠶᠢᠵᠤ ᠢᠷᠡᠭᠰᠡᠨ ᠶᠤᠮ︾᠃     ᠬᠤᠩ ᠵᠢᠩ ᠶᠤᠸᠠᠨ ᠺᠣᠮᠫᠠᠨᠢ ᠶᠢᠨ ᠬᠢᠨ ︽ᠦᠨᠡᠨᠴᠢ ᠢᠲᠡᠭᠡᠮᠵᠢ ᠪᠠᠷ ᠦᠨᠳᠦᠰᠦ ᠪᠣᠯᠭᠠᠬᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂  ᠬᠡᠨ ᠠᠯᠢᠨ ᠳᠠᠭᠠᠨ ᠠᠰᠢᠭᠲᠠᠢ ᠪᠠᠶᠢᠬᠤ︾ ᠡᠵᠡᠩᠨᠡᠯᠲᠡ ᠶᠢᠨ ᠤᠶᠢᠯᠠᠭᠠᠭᠳᠠᠬᠤᠨ ᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠵᠢᠯ ᠪᠤᠯᠭᠠᠵᠤ ᠠᠬᠢᠭᠤᠯᠤᠨ  ᠂   ᠣᠯᠠᠨ ᠵᠦᠢᠯ ᠤᠨ ᠬᠠᠮᠢᠶᠠᠷᠤᠯᠲᠠ ᠶᠢᠨ ᠠᠷᠭ᠎ᠠ ᠶᠢ  ᠲᠤᠭᠳᠠᠭᠠᠵᠤ ᠪᠠᠶᠢᠭᠠᠳ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠬᠦᠨᠵᠡᠬᠡᠶᠢᠷᠡᠬᠦᠯᠵᠦ   ᠠᠵᠤ ᠠᠬᠤᠶᠢᠯᠠᠯ ᠤᠨ ᠥᠷᠲᠡᠭ ᠤᠨ ᠰᠢᠰᠲ᠋ᠧᠮᠵᠢ ᠶᠢᠨ ᠰᠠᠭᠤᠷᠢ ᠶᠢ ᠪᠠᠬᠢᠵᠢᠬᠦᠯᠦᠭᠰᠡᠨ ᠪᠠᠶᠢᠨ᠎ᠠ᠃ ᠡᠭᠦᠨ ᠤ ᠬᠠᠮᠲᠤ᠂ ᠲᠤᠬᠠᠢ ᠶᠢᠨ ᠭᠠᠵᠠᠷ ᠤᠨ ᠲᠣᠯᠣᠭᠠᠶᠢᠯᠠᠭᠴᠢ ᠠᠵᠤ ᠠᠬᠤᠶᠢᠯᠠᠯ᠂ ᠭᠠᠶᠢᠯᠢ ᠲᠤᠰᠢᠶᠠᠭᠴᠢ ᠲᠣᠮᠣ ᠡᠷᠦᠬᠡ ᠪᠣᠯᠤᠭᠰᠠᠨ ᠤ ᠬᠤᠪᠢ ᠳᠤ ᠲᠤᠰ ᠺᠣᠮᠫᠠᠨᠢ ᠶᠢᠨ ᠬᠢᠨ ᠦᠨᠡᠨᠴᠢ ᠢᠲᠡᠭᠡᠮᠵᠢᠲᠡᠢ ᠡᠵᠡᠩᠨᠡᠯᠳᠡ ᠶᠢᠨ ᠵᠠᠮ ᠢᠶᠠᠨ ᠪᠠᠲᠤ ᠰᠠᠬᠢᠵᠤ᠂  ᠭᠠᠶᠢᠯᠢ ᠲᠠᠳᠠᠪᠤᠷᠢ ᠶᠢ ᠬᠠᠤᠯᠢ ᠶᠣᠰᠣᠭᠠᠷ  ᠠᠯᠳᠠᠯ ᠦᠬᠡᠢ ᠲᠤᠰᠢᠶᠠᠨ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ  ᠬᠦᠢᠴᠡᠳᠭᠡᠵᠦ ᠢᠷᠡᠵᠡᠢ᠃     ᠬᠤᠩ ᠵᠢᠩ ᠶᠤᠸᠠᠨ ᠺᠣᠮᠫᠠᠨᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠡᠯᠲᠡᠰ ᠤᠨ ᠳᠠᠭᠠᠭᠠᠮᠠᠯ ᠬᠤ᠋ ᠯᠢᠶᠠᠩ᠄ ︽ ᠮᠠᠨ ᠤ ᠺᠤᠮᠫᠠᠨᠢ ᠨᠢ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠥᠰ᠂ ᠬᠤᠲᠠ  ᠣᠷᠣᠵᠤ   ᠬᠦᠴᠦᠨ ᠤ ᠠᠵᠢᠯ ᠬᠢᠭᠰᠡᠳ ᠪᠠ ᠴᠡᠷᠢᠭ ᠠᠴᠠ ᠬᠠᠯᠠᠭᠳᠠᠭᠰᠠᠳ ᠢ ᠢᠳᠡᠪᠬᠢᠲᠡᠢ ᠪᠠᠷ ᠡᠯᠰᠡᠨ ᠭᠡᠷᠡᠭᠯᠡᠵᠦ ᠪᠤᠢ᠂  ᠮᠦᠨ ᠴᠤ ᠬᠠᠤᠯᠢ ᠶᠣᠰᠣᠭᠠᠷ ᠭᠠᠶᠢᠯᠢ ᠲᠤᠰᠢᠶᠠᠵᠤ᠂  ᠦᠨᠡᠨᠴᠢ ᠢᠲᠡᠭᠡᠮᠵᠢᠲᠡᠢ ᠪᠠᠶᠢᠬᠤ ᠶᠢ ᠢᠮᠠᠭᠳᠠ ᠪᠠᠷᠢᠮᠳᠠᠯᠠᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ  ᠦᠪᠡᠷ ᠤᠨ ᠭᠡᠰᠡᠨ ᠬᠦᠴᠦᠨ  ᠴᠢᠳᠠᠯ ᠢᠶᠠᠨ ᠨᠡᠮᠡᠷᠢᠯᠡᠵᠡᠢ᠃ ᠳᠠᠷᠠᠭᠠᠴᠢ ᠶᠢᠨ ᠠᠯᠬᠤᠮ ᠳᠤ ᠪᠢᠳᠡ ᠬᠤᠩ ᠵᠢᠩ ᠶᠤᠸᠠᠨ ᠤ 40 ᠵᠢᠯ ᠤᠨ ᠲᠤᠷᠰᠢᠬᠢ ᠬᠥᠭᠵᠢᠯᠲᠡ ᠶᠢᠨ ᠵᠣᠷᠢᠯᠲᠠ ᠪᠠᠨ ᠦᠷᠭᠦᠯᠵᠢᠯᠡᠨ ᠪᠠᠷᠢᠮᠲᠠᠯᠠᠵᠤ᠂  ᠡᠶ᠎ᠡ ᠵᠣᠬᠢᠴᠠᠩᠭᠤᠢ ᠠᠵᠤ ᠠᠬᠤᠶᠢᠯᠠᠯ ᠢ  ᠪᠠᠶᠢᠭᠤᠯᠬᠤ ᠪᠠᠷ ᠤᠯᠠᠮ ᠢᠯᠡᠬᠦᠦ ᠴᠢᠷᠮᠠᠶᠢᠨ᠎ᠠ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号