ᠰᠢᠩ  ᠹᠦ᠋ ᠰᠢᠶᠠᠩ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/3/27
   ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠤᠯᠠᠮ ᠰᠠᠶᠢᠨ ᠨᠠᠶᠢᠳᠠᠪᠤᠷᠢᠵᠢᠭᠤᠯᠬᠤ ᠶᠢᠨ ᠲᠦᠯᠦᠭᠡ  ᠂ 3 ᠰᠠᠷ᠎ᠠ ᠶᠢᠨ 25  ᠤ ᠡᠳᠦᠷ ᠰᠢᠩ ᠹᠦ᠋ ᠰᠢᠶᠠᠩ ᠨᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ  ᠤᠬᠠᠭᠤᠯᠭ᠎ᠠ ᠲᠠᠶᠢᠯᠤᠮᠵᠢ ᠶᠢᠨ ᠬᠤᠷᠠᠯ ᠬᠢᠵᠡᠢ᠃  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ  ᠭᠡᠰᠢᠬᠦᠨ᠂  ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠵᠤᠤ ᠢᠦᠢ ᠪᠦᠦ ᠬᠤᠷᠠᠯ ᠢ ᠡᠷᠬᠢᠯᠡᠭᠰᠡᠨ ᠪᠦᠭᠡᠳ ᠲᠤᠰᠬᠠᠢ ᠰᠡᠳᠦᠪᠳᠦ ᠤᠬᠠᠭᠤᠯᠭ᠎ᠠ ᠲᠠᠶᠢᠯᠤᠮᠵᠢ ᠬᠢᠵᠦ᠂  ᠡᠯ᠎ᠡ ᠲᠣᠰᠬᠤᠨ ᠤ ᠱᠦᠵᠢ ︵ᠡᠷᠬᠢᠯᠡᠭᠴᠢ︶᠂   ᠠᠵᠤ ᠠᠬᠤᠶᠢᠯᠠᠯ ᠪᠣᠯᠣᠨ ᠠᠵᠤ ᠦᠢᠯᠡᠰ ᠤᠨ ᠤᠷᠤᠨ ᠲᠣᠭᠤᠷᠢᠭ ᠤᠨ ᠬᠠᠷᠢᠭᠤᠴᠠᠯᠭᠠᠲᠠᠨ᠂  ᠲᠠᠷᠢᠶᠠᠯᠠᠩ ᠮᠠᠯᠵᠢᠯ ᠤᠨ ᠲᠣᠮᠣ ᠡᠷᠦᠬᠡ ᠶᠢᠨ ᠲᠦᠯᠦᠭᠡᠯᠡᠭᠴᠢ ᠬᠤᠷᠠᠯ ᠳᠤ ᠣᠷᠣᠯᠴᠠᠪᠠ᠃ ᠵᠤᠤ ᠢᠦᠢ ᠪᠦᠦ ᠠᠴᠠ ᠬᠠᠤᠯᠢ ᠲᠦᠷᠢᠮ᠂ ᠨᠡᠶᠢᠭᠡᠮ ᠤᠨ ᠬᠠᠷᠢᠭᠤᠴᠠᠯᠭ᠎ᠠ ᠪᠣᠯᠣᠨ ᠬᠤᠪᠢ ᠬᠥᠮᠥᠨ ᠤ ᠠᠮᠤᠷ ᠲᠦᠪᠰᠢᠨ ᠵᠡᠷᠭᠡ ᠭᠤᠷᠪᠠᠨ ᠲᠠᠯ᠎ᠠ ᠠᠴᠠ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠲᠣᠳᠣᠷᠬᠠᠶᠢᠯᠠᠨ ᠥᠭᠦᠯᠡᠵᠦ᠂ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠠᠶᠤᠯᠭᠦᠢ ᠦᠢᠯᠡᠳᠪᠦᠷᠢᠯᠡᠯ ᠤᠨ  ᠬᠡᠷᠡᠭ ᠤᠨ ᠵᠢᠱᠢᠶ᠎ᠡ ᠶᠢ ᠮᠡᠳᠡᠭᠳᠡᠨ᠂  ᠤᠴᠢᠷ ᠰᠢᠯᠲᠠᠭᠠᠨ ᠢ ᠨᠢ ᠵᠠᠳᠠᠯᠵᠤ ᠲᠤᠷᠰᠢᠯᠭ᠎ᠠ ᠰᠤᠷᠭᠠᠮᠵᠢ ᠶᠢ ᠳ᠋ᠦᠩᠨᠡᠭᠰᠡᠨ ᠤ ᠬᠠᠮᠳᠤ᠂ ᠮᠠᠰᠢᠨ ᠮᠧᠬᠠᠨᠢᠭ ᠠᠴᠠ ᠪᠤᠯᠤᠭᠰᠠᠨ ᠰᠢᠷᠬᠠᠳᠤᠯ ᠬᠡᠮᠳᠦᠯ ᠢ ᠰᠡᠷᠭᠡᠶᠢᠯᠡᠬᠦ᠂ ᠴᠠᠬᠢᠯᠭᠠᠨ ᠭᠡᠷᠡᠭᠯᠡᠬᠦ ᠠᠮᠤᠷ ᠲᠦᠪᠰᠢᠨ᠂ ᠨᠤᠲᠤᠭ ᠪᠡᠯᠴᠢᠭᠡᠷ ᠤᠢ ᠰᠢᠭᠤᠢ ᠶᠢᠨ ᠭᠠᠯ ᠰᠡᠷᠭᠡᠶᠢᠯᠡᠯᠳᠡ ᠵᠡᠷᠭᠡ ᠲᠠᠯ᠎ᠠ ᠪᠠᠷ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠠᠶᠢᠨ᠎ᠠ᠃ ᠤᠬᠠᠭᠤᠯᠭ᠎ᠠ ᠲᠠᠶᠢᠯᠤᠮᠵᠢ ᠲᠠᠭᠤᠰᠤᠭᠰᠠᠨ ᠤ ᠲᠠᠷᠠᠭ᠎ᠠ᠂ ᠠᠶᠤᠯᠭᠦᠢ ᠦᠢᠯᠡᠳᠪᠦᠷᠢᠯᠡᠯ ᠤᠨ  ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠤᠨ ᠲᠤᠷᠠᠳᠤᠭᠰᠠᠨ ᠠᠶᠤᠯᠭᠦᠢ ᠦᠢᠯᠡᠳᠪᠦᠷᠢᠯᠡᠯ ᠤᠨ ᠲᠤᠬᠠᠢ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠭᠦᠭᠰᠡᠨ ᠪᠥᠭᠡᠳ ᠦᠢᠯᠡᠳᠪᠦᠷᠢᠯᠡᠯ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠲᠦᠰᠦᠪ ᠢ ᠬᠠᠮᠲᠤᠪᠠᠷ ᠰᠤᠳᠤᠯᠤᠨ ᠶᠠᠷᠢᠯᠴᠠᠪᠠ᠃  ᠳᠠᠷᠠᠭᠠᠴᠢ ᠶᠢᠨ ᠠᠯᠬᠤᠮ ᠳᠤ᠂  ᠰᠢᠩ ᠹᠦ᠋ ᠰᠢᠶᠠᠩ ᠨᠢ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠡᠳᠦᠷ ᠲᠤᠳᠤᠮ ᠤᠨ ᠬᠠᠮᠢᠶᠠᠷᠤᠯᠳᠠ ᠪᠠᠶᠢᠴᠠᠭᠠᠯᠲᠠ ᠢ ᠦᠷᠭᠦᠯᠵᠢᠯᠡᠨ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ  ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠤᠰᠤᠯ ᠠᠳᠡᠯ ᠨᠢᠬᠡ ᠴᠤ ᠭᠠᠷᠬᠤ ᠦᠬᠡᠢ ᠶᠢ ᠪᠠᠳᠤᠯᠠᠬᠤ ᠪᠠᠷ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号