ᠯᠦᠸᠧ ᠲᠦᠸᠧ ᠱᠠᠨ ᠪᠠᠯᠭᠠᠰᠤ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/27
  3 ᠰᠠᠷ᠎ᠠ ᠶᠢᠨ 26 ᠤ ᠡᠳᠦᠷ᠂ ᠯᠦᠸᠧ ᠲᠦᠸᠧ ᠱᠠᠨ ᠪᠠᠯᠭᠠᠰᠤ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ ᠬᠤᠷᠠᠯ ᠠᠴᠠ᠂ ᠨᠢᠭᠡ ᠳᠤ ᠨᠠᠮ ᠤᠨ ᠪᠠᠶᠢᠭᠤᠯᠤᠯᠲᠠ ᠶᠢᠨ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂  ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ ᠠᠵᠢᠯ ᠤᠨ ᠪᠦᠲᠦᠮᠵᠢ ᠪᠠᠨ ᠳᠡᠭᠡᠭᠰᠢᠯᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠳᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠶᠢᠴᠢᠯᠠᠨ ᠳᠠᠭᠠᠭᠤᠯᠬᠤ ᠬᠡᠷᠡᠭᠲᠡᠢ᠃ ᠬᠤᠶᠠᠷ ᠲᠤ ︽ᠨᠠᠮ ᠤᠨ ᠢᠶᠠᠨ ᠠᠴᠢ ᠳᠤ ᠲᠠᠯᠠᠷᠬᠠᠵᠤ ᠨᠠᠮ ᠤᠨ ᠢᠶᠠᠨ ᠦᠭᠡ   ᠶᠢ ᠰᠣᠨᠣᠰᠴᠤ ᠨᠠᠮ ᠢᠶᠠᠨ ᠲᠠᠭᠠᠵᠤ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ   ᠶᠢᠨ ᠠᠵᠢᠯᠯᠠᠭ᠎ᠠ   ᠶᠢ ᠭᠦᠨᠵᠡᠭᠡᠢ ᠦᠷᠨᠢᠬᠦᠯᠦᠨ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ   ᠢ ᠰᠠᠨᠠᠭᠠᠴᠢᠯᠠᠭ᠎ᠠ   ᠠᠴᠠ ᠪᠠᠨ ᠤᠬᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ   ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ   ᠢ ᠴᠢᠩᠭᠠᠳᠬᠠᠨ᠂  ᠬᠥᠭᠵᠢᠯᠲᠡ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠭᠤᠷᠪᠠ ᠳᠤ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠵᠡᠷᠭᠡ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ᠵᠢᠱᠢᠶᠡᠴᠢ  ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃ ᠬᠤᠷᠠᠯ ᠤᠨ ᠲᠡᠬᠦᠰᠭᠡᠯ ᠳᠤ᠂  ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠰᠢᠨ ᠷᠦᠨ ᠵᠢᠶᠠᠩ  ᠠᠴᠠ ᠬᠤᠰᠢᠭᠤᠨ ᠤ ᠲᠠᠷᠢᠶᠠᠯᠠᠩ ᠳᠤ ᠭᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ  ᠤᠯᠠᠮᠵᠢᠯᠠᠭᠰᠠᠨ ᠤ ᠬᠠᠮᠲᠤ᠂  ᠪᠦᠬᠦ ᠪᠠᠯᠭᠠᠰᠤᠨ ᠤ ᠲᠠᠷᠢᠶᠠᠯᠠᠩ ᠤᠨ ᠤᠰᠤ ᠠᠷᠪᠢᠯᠠᠬᠤ ᠠᠵᠢᠯ ᠪᠠ ᠤᠰᠤᠨ ᠤ ᠰᠦᠢᠳᠬᠡᠯ ᠬᠤᠷᠢᠶᠠᠬᠤ ᠠᠵᠢᠯ ᠳᠤ ᠴᠢᠭᠯᠡᠭᠦᠯᠦᠨ ᠪᠠᠶᠢᠷᠢᠯᠠᠭᠤᠯᠤᠯᠲᠠ ᠬᠢᠵᠦ᠂  ᠤᠰᠤᠨ ᠤ ᠦᠨ᠎ᠡ ᠬᠠᠩᠰᠢ ᠶᠢᠨ ᠲᠤᠬᠠᠢ ᠳᠦᠷᠢᠮ ᠲᠤᠭᠳᠠᠭᠠᠯ ᠢ ᠲᠠᠶᠢᠯᠪᠤᠷᠢᠯᠠᠨ᠂  ᠦᠨ᠎ᠡ ᠬᠠᠩᠰᠢ ᠶᠢᠨ ᠦᠬᠡᠷᠡᠴᠢᠯᠡᠯᠳᠡ ᠶᠢ ᠠᠬᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号