3 ᠰᠠᠷ᠎ᠠ ᠶᠢᠨ 26 ᠤ ᠡᠳᠦᠷ᠂ ᠰᠢᠩ ᠹᠦ᠋ ᠰᠢᠶᠠᠩ 2024 ᠣᠨ ᠤ ᠦᠨᠳᠦᠰᠦᠲᠡᠨ ᠤ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠡᠯ᠎ᠡ | ᠲᠣᠰᠬᠤᠨ ᠤ ᠱᠦᠵᠢ ︵ᠡᠷᠬᠢᠯᠡᠭᠴᠢ︶ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠥᠭᠦᠯᠡᠯᠲᠡ᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠥᠬᠦ | ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ | ᠪᠥᠭᠡᠳ 2024 ᠣᠨ ᠤ ᠦᠨᠳᠦᠰᠦᠲᠡᠨ ᠤ ᠠᠵᠢᠯ ᠢ ᠳᠠᠬᠢᠨ ᠲᠤᠬᠢᠷᠠᠭᠤᠯᠵᠤ ᠳᠠᠬᠢᠨ ᠪᠠᠶᠢᠷᠢᠯᠠᠭᠤᠯᠪᠠ᠃ | ᠬᠤᠷᠠᠯ ᠠᠴᠠ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ | ᠰᠢᠵᠢᠮ ᠢ ᠪᠠᠳᠤ ᠡᠵᠡᠮᠳᠡᠵᠦ ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠨ᠂ ᠰᠢᠶᠠᠩ ᠤᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠡᠯ᠎ᠡ ᠲᠦᠷᠦᠯ ᠤᠨ ᠠᠵᠢᠯ ᠤᠨ ᠪᠠᠶᠢᠷᠢᠯᠠᠭᠤᠯᠤᠯᠳᠠ ᠳᠡᠭᠡᠷ᠎ᠡ ᠨᠢᠭᠡᠳᠬᠡᠵᠦ᠂ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ | ᠲᠡᠦᠬᠡ ᠶᠢᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ | ᠠᠷᠭ᠎ᠠ ᠬᠡᠮᠵᠢᠶ᠎ᠡ ᠨᠦᠭᠦᠳ︾ ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ | ᠦᠨᠳᠦᠰᠦᠲᠡᠨ ᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠯᠤᠭ᠎ᠠ ᠣᠷᠭᠠᠨᠢᠭ ᠢᠶᠠᠷ | ᠤᠶᠠᠯᠳᠤᠭᠤᠯᠵᠤ᠂ ᠵᠡᠷᠭᠡᠪᠡᠷ ᠪᠠᠶᠢᠷᠢᠯᠠᠭᠤᠯᠤᠨ᠂ ᠵᠡᠷᠭᠡᠪᠡᠷ ᠠᠬᠢᠭᠤᠯᠵᠤ᠂ ᠵᠡᠷᠭᠡᠪᠡᠷ ᠨᠠᠶᠢᠳᠠᠪᠤᠷᠢᠵᠢᠭᠤᠯᠵᠤ᠂ ᠰᠢᠩ | ᠹᠦ᠋ ᠰᠢᠶᠠᠩ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ |