ᠲᠠᠶᠢᠹᠤᠰᠧ ᠬᠤᠰᠢᠭᠤ ᠤᠬᠠᠭᠤᠯᠭ᠎ᠠ ᠬᠦᠮᠦᠵᠢᠯ ᠢ ᠢᠳᠡᠪᠬᠢᠳᠡᠢ ᠦᠷᠨᠢᠬᠦᠯᠵᠦ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/3/28
  ᠬᠥᠮᠥᠨ ᠢᠲᠡᠭᠡᠯ ᠦᠭᠡᠢ ᠪᠣᠯ ᠤᠷᠤᠭᠰᠢᠯᠠᠵᠤ ᠴᠢᠳᠠᠬᠤ ᠦᠭᠡᠢ᠂ ᠦᠢᠯᠡᠰ ᠢᠲᠡᠭᠡᠯ ᠦᠭᠡᠢ ᠪᠣᠯ ᠬᠥᠭᠵᠢᠵᠦ ᠴᠢᠳᠠᠬᠤ ᠦᠭᠡᠢ᠂ ᠤᠯᠤᠰ ᠢᠲᠡᠭᠡᠯ ᠦᠭᠡᠢ ᠪᠣᠯ ᠬᠦᠴᠦᠷᠬᠡᠭᠵᠢᠵᠦ ᠴᠢᠳᠠᠬᠤ ᠦᠭᠡᠢ᠃ ᠨᠡᠶᠢᠭᠡᠮ ᠵᠠᠰᠠᠭ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠠᠬᠢᠭᠤᠯᠵᠤ᠂ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠦᠨᠡᠨᠴᠢ ᠰᠢᠳᠤᠷᠭᠤ᠂ ᠢᠲᠡᠭᠡᠯ ᠵᠤᠷᠢᠭ ᠲᠠᠢ᠂  ᠪᠡᠶ᠎ᠡ ᠪᠠᠨ ᠱᠠᠭᠠᠷᠳᠠᠭᠰᠠᠨ᠂ ᠬᠠᠷᠢᠯᠴᠠᠨ ᠢᠳᠡᠭᠡᠯᠴᠡᠭᠰᠡᠨ ᠨᠡᠶᠢᠭᠡᠮ ᠤᠨ ᠦᠨᠡᠨᠴᠢ ᠢᠲᠡᠭᠡᠮᠵᠢ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠲᠠᠶᠢᠹᠤᠰᠧ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠨᠢ ᠣᠯᠠᠨ ᠠᠷᠭ᠎ᠠ ᠬᠡᠯᠪᠡᠷᠢ ᠪᠠᠷ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠬᠥᠮᠦᠵᠢᠯ ᠤᠨ ᠰᠢᠷᠢᠰ ᠠᠵᠢᠯᠯᠠᠭ᠎ᠠ ᠶᠢ ᠦᠷᠨᠢᠬᠦᠯᠵᠦ ᠪᠠᠶᠢᠨ᠎ᠠ᠃  ᠬᠦᠨᠪᠤᠯᠠᠭ ᠰᠤᠮᠤ ᠨᠢ ᠮᠠᠯᠴᠢᠨ ᠲᠦᠮᠡᠨ ᠢ ᠵᠣᠬᠢᠶᠠᠨ ᠪᠠᠶᠢᠭᠤᠯᠵᠤ ︽ᠦᠨᠡᠨᠴᠢ ᠢᠲᠡᠭᠡᠮᠵᠢᠲᠡᠢ ᠪᠠᠶᠢᠬᠤ ᠶᠢ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ︾ ᠭᠤᠣᠯ ᠰᠡᠳᠦᠪᠲᠦ ᠠᠵᠢᠯᠯᠠᠭ᠎ᠠ ᠦᠷᠨᠢᠬᠦᠯᠦᠨ᠂ ᠮᠠᠯᠴᠢᠳ ᠤᠬᠠᠭᠤᠯᠭ᠎ᠠ ᠶᠢᠨ ᠪᠢᠴᠢᠭᠡᠰᠦ ᠳᠡᠭᠡᠷ᠎ᠡ ᠥᠪᠡᠷ ᠤᠨ ᠨᠡᠷ᠎ᠡ ᠪᠠᠨ ᠪᠢᠴᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ  ᠂ ᠪᠠᠭ᠎ᠠ ᠰᠠᠭ᠎ᠠ ᠶᠠᠪᠤᠳᠠᠯ ᠠᠴᠠ ᠡᠬᠢᠯᠡᠨ ᠬᠢᠬᠦ᠂ ᠬᠥᠮᠥᠨ ᠪᠦᠬᠦᠨ ᠦᠨᠡᠨᠴᠢ ᠢᠲᠡᠭᠡᠮᠵᠢᠲᠡᠢ ᠪᠠᠶᠢᠬᠤ ᠶᠢ ᠮᠡᠳᠡᠬᠦ᠂ ᠬᠥᠮᠥᠨ ᠪᠦᠬᠦᠨ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ᠂ ᠬᠥᠮᠥᠨ ᠪᠦᠬᠦᠨ ᠦᠨᠡᠨᠴᠢ ᠢᠲᠡᠭᠡᠮᠵᠢᠲᠡᠢ ᠪᠠᠶᠢᠬᠤ ᠶᠢ ᠦᠢᠯᠡᠳᠦᠯᠭᠡᠵᠢᠭᠦᠯᠬᠦ ᠶᠢ ᠪᠡᠶᠡᠯᠡᠭᠦᠯᠵᠦ᠂ ᠦᠨᠡᠨᠴᠢ ᠢᠳᠡᠭᠡᠮᠵᠢ ᠶᠢᠨ ᠰᠣᠶᠣᠯ ᠢ ᠬᠠᠮᠲᠤᠪᠠᠷ ᠪᠠᠶᠢᠭᠤᠯᠤᠨ᠂ ᠦᠨᠡᠨᠴᠢ  ᠢᠳᠡᠭᠡᠮᠵᠢ ᠶᠢᠨ ᠳᠦᠷᠢ ᠲᠥᠷᠬᠦ ᠶᠢ ᠬᠠᠮᠳᠤᠪᠠᠷ ᠴᠣᠭᠴᠠᠯᠠᠨ᠎ᠠ ᠭᠡᠵᠦ ᠲᠥᠪ ᠴᠢᠩᠭ᠎ᠠ ᠪᠠᠷ ᠠᠮᠠᠯᠳᠠᠵᠠᠭᠠᠨ᠎ᠠ᠃ ᠯᠥᠸᠧ ᠲᠦᠸᠧ ᠱᠠᠨ ᠪᠠᠯᠭᠠᠰᠤ ᠨᠢ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾᠎ ᠶᠢᠨ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠬᠦ᠂ ᠳᠡᠯᠭᠡᠭᠦᠷ ᠬᠤᠳᠠᠯᠳᠤᠭ᠎ᠠ ᠬᠤᠭᠤᠯᠠᠨ ᠭᠡᠷ ᠵᠡᠷᠭᠡ ᠬᠦᠮᠦᠨ ᠴᠤᠭᠯᠠᠷᠠᠳᠠᠭ ᠡᠵᠡᠩᠨᠡᠯᠲᠡ ᠶᠢᠨ ᠲᠠᠯᠠᠪᠤᠷ ᠲᠤ ᠬᠦᠷᠴᠦ ᠤᠬᠠᠭᠤᠯᠤᠨ ᠲᠠᠶᠢᠯᠪᠤᠷᠢᠯᠠᠬᠤ᠂  ᠵᠡᠬᠡᠯᠢ ᠭᠤᠳᠤᠮᠵᠢ ᠪᠠᠷ ᠲᠤᠭᠤᠷᠢᠵᠤ ᠠᠶᠢᠯ ᠡᠷᠦᠬᠡ ᠪᠠᠷ  ᠬᠦᠨᠵᠡᠬᠡᠶᠢᠷᠡᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠲᠣᠰᠬᠤᠨ ᠤ ᠠᠷᠠᠳ ᠲᠤ ᠦᠨᠡᠨᠴᠢ ᠢᠲᠡᠭᠡᠮᠵᠢ ᠶᠢᠨ ᠬᠠᠮᠢᠶᠠᠳᠠᠢ ᠮᠡᠳᠡᠯᠭᠡ ᠶᠢ ᠤᠬᠠᠭᠤᠯᠵᠤ᠂ ᠦᠨᠡᠨᠴᠢ ᠢᠲᠡᠭᠡᠮᠵᠢ ᠶᠢᠨ ᠰᠤᠷᠲᠠᠯ ᠢ ᠬᠥᠮᠥᠨ ᠪᠦᠬᠦᠨ ᠤ ᠰᠡᠳᠬᠢᠯ ᠳᠤ ᠬᠠᠳᠠᠩᠰᠢᠭᠤᠯᠵᠠᠢ᠃  ᠶᠦᠩ ᠹᠧᠩ ᠪᠠᠯᠭᠠᠰᠤᠨ ᠤ ᠬᠢᠨ ᠴᠤ  ᠲᠡᠯᠬᠡᠬᠦᠷ ᠬᠤᠳᠠᠯᠳᠤᠭ᠎ᠠ᠂ ᠠᠵᠤ ᠠᠬᠤᠶᠢᠯᠠᠯ᠂ ᠲᠠᠷᠢᠶᠠᠴᠢᠨ ᠡᠷᠦᠬᠡ ᠪᠠᠷ ᠬᠦᠨᠵᠡᠬᠡᠶᠢᠷᠡᠵᠦ ᠂ ᠤᠬᠠᠭᠤᠯᠤᠨ ᠳᠠᠶᠢᠴᠢᠯᠠᠬᠤ᠂ ᠱᠠᠩᠨᠠᠯ ᠲᠠᠢ ᠠᠰᠠᠭᠤᠯᠲᠠ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠬᠥᠮᠥᠨ ᠪᠦᠬᠦᠨ ᠦᠨᠡᠨᠴᠢ ᠢᠲᠡᠭᠡᠮᠵᠢᠲᠡᠢ ᠪᠠᠶᠢᠬᠤ᠂ ᠭᠠᠵᠠᠷ ᠪᠣᠯᠭᠠᠨ ᠳᠤ ᠦᠨᠡᠨᠴᠢ ᠢᠲᠡᠭᠡᠮᠵᠢᠲᠡᠢ ᠪᠠᠶᠢᠬᠤ ᠠᠭᠤᠷ ᠠᠮᠢᠰᠬᠤᠯ ᠢ ᠪᠣᠶ ᠪᠣᠯᠭᠠᠪᠠ᠃ ᠬᠤᠩ ᠴᠢ ᠪᠠᠯᠭᠠᠰᠤ ᠨᠢ ︽ᠦᠨᠡᠨᠴᠢ ᠢᠲᠡᠭᠡᠮᠵᠢᠲᠡᠢ ᠪᠠᠶᠢᠬᠤ ᠶᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠶᠢᠨ ᠠᠵᠢᠯᠯᠠᠭ᠎ᠠ ᠥᠷᠨᠢᠭᠦᠯᠵᠦ᠂ ᠡᠯ᠎ᠡ ᠲᠣᠰᠬᠤᠨ ᠤ ᠠᠷᠠᠳ ᠤᠨ ᠵᠥᠪᠯᠡᠯ ᠢ ᠦᠨᠡᠨᠴᠢ ᠢᠳᠡᠭᠡᠮᠵᠢ ᠶᠢᠨ ᠰᠣᠶᠣᠯ ᠢ ᠲᠡᠯᠬᠡᠷᠡᠬᠦᠯᠦᠨ᠂ ᠨᠡᠶᠢᠲᠡᠯᠢᠭ ᠵᠢᠱᠢᠶᠡᠨ ᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠠᠶᠢᠯ ᠰᠠᠭᠠᠬᠠᠯᠳᠠ ᠵᠠᠭᠤᠷ᠎ᠠ ᠪᠠᠨ ᠦᠨᠡᠨᠴᠢ ᠢᠲᠡᠭᠡᠮᠵᠢᠲᠡᠢ ᠪᠠᠶᠢᠬᠤ ᠪᠣᠯᠪᠠᠰᠤᠨ ᠨᠤᠲᠤᠭ ᠤᠨ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃  ᠪᠤᠤᠴᠠᠩ ᠪᠠᠯᠭᠠᠰᠤ᠂ ᠰᠢᠩ ᠹᠦ᠋ ᠰᠢᠶᠠᠩ ᠤᠨ ᠬᠢᠨ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢᠨ ᠹᠢᠯᠢᠮ ᠢ ᠦᠵᠡᠬᠦᠯᠦᠨ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ᠂ ᠦᠨᠡᠨᠴᠢ ᠢᠲᠡᠭᠡᠮᠵᠢ ᠶᠢᠨ ᠰᠣᠶᠣᠯ ᠵᠡᠷᠭᠡ ᠠᠭᠤᠯᠭ᠎ᠠ ᠶᠢ ᠰᠤᠷᠤᠯᠴᠠᠭᠤᠯᠵᠤ᠂ ᠺᠠᠳ᠋ᠷ ᠠᠵᠢᠯᠲᠠᠳ ᠤᠨ ︽ᠦᠨᠡᠨᠴᠢ ᠢᠲᠡᠭᠡᠮᠵᠢ ᠶᠢ ᠮᠡᠳᠡᠬᠦ᠂ ᠦᠨᠡᠨᠴᠢ ᠢᠲᠡᠭᠡᠮᠵᠢ ᠶᠢ ᠦᠢᠯᠡᠳᠦᠯᠭᠡᠵᠢᠭᠦᠯᠬᠦ︾ ᠦᠵᠡᠯ ᠤᠬᠠᠮᠰᠠᠷ ᠢ ᠴᠢᠩᠭᠠᠳᠬᠠᠨ᠂ ᠦᠨᠡᠨᠴᠢ ᠢᠲᠡᠭᠡᠮᠵᠢ ᠲᠠᠢ ᠵᠠᠰᠠᠭ ᠤᠨ  ᠪᠠᠶᠢᠭᠤᠯᠤᠯᠲᠠ ᠶᠢ ᠠᠬᠢᠭᠤᠯᠤᠭᠰᠠᠨ ᠪᠠᠶᠢᠨ᠎ᠠ᠃ ᠴᠢᠶᠠᠨ ᠶᠢᠨ ᠭᠧᠦ ᠪᠠᠯᠭᠠᠰᠤ ᠨᠢ ︽ᠲᠥᠪᠯᠡᠷᠡᠭᠦᠯᠦᠨ ᠤᠬᠠᠭᠤᠯᠠᠬᠤ + ᠡᠷᠦᠭᠡ ᠳᠤ ᠬᠦᠷᠴᠦ ᠤᠬᠠᠭᠤᠯᠬᠤ︾ ᠠᠷᠭ᠎ᠠ ᠬᠡᠯᠪᠡᠷᠢ ᠪᠠᠷ ᠲᠠᠮᠵᠢᠨ᠂  ᠠᠮᠢᠳᠤᠷᠠᠯ ᠳᠤᠮᠳᠠᠬᠢ ᠦᠨᠡᠨᠴᠢ ᠢᠳᠡᠬᠡᠮᠵᠢ ᠶᠢᠨ ᠢᠳᠡᠪᠬᠢ ᠦᠢᠯᠡᠳᠦᠯ ᠢ ᠠᠷᠠᠳ ᠢᠷᠭᠡᠳ ᠲᠤ ᠲᠠᠶᠢᠯᠪᠤᠷᠢᠯᠠᠨ᠂  ᠮᠡᠬᠡᠯᠡᠯ ᠠᠴᠠ ᠰᠡᠷᠭᠡᠶᠢᠯᠡᠬᠦ ᠪᠠ ᠮᠡᠬᠡᠯᠡᠯ ᠠᠴᠠ ᠵᠠᠶᠢᠳᠠᠬᠤ ᠶᠢ ᠰᠠᠨᠠᠭᠤᠯᠤᠭᠰᠠᠨ ᠪᠦᠭᠡᠳ  ᠬᠤᠪᠢ ᠶᠢᠨ ᠡᠵᠡᠩᠨᠡᠭᠴᠢᠳ ᠤᠨ ᠢᠲᠡᠭᠡᠮᠵᠢᠲᠡᠢ ᠪᠠᠷ ᠡᠵᠡᠩᠨᠡᠵᠦ  ᠪᠣᠯᠪᠠᠰᠤᠨ ᠢᠶᠠᠷ ᠦᠢᠯᠡᠴᠢᠯᠡᠬᠦ  ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠠᠨᠠᠭᠠᠴᠢᠯᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号