ᠡᠵᠡᠩᠨᠡᠯᠲᠡ ᠶᠢᠨ ᠴᠢᠨᠠᠷᠲᠠᠢ  ᠦᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠶᠤᠯᠭᠦᠢ ᠭᠡᠷᠡᠭᠯᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/28
   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠬᠦᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠯᠳᠡ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ᠵᠡᠷᠭᠡ ᠬᠠᠤᠯᠢ ᠲᠦᠷᠢᠮ ᠢ ᠦᠨᠳᠦᠰᠦᠯᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 15 ᠰᠠᠯᠠᠭ᠎ᠠ ᠮᠥᠴᠢᠷ ᠤᠨ ︽ᠡᠵᠡᠩᠨᠡᠯᠲᠡ ᠶᠢᠨ ᠴᠢᠨᠠᠷᠲᠠᠢ ᠦᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄     ᠨᠢᠭᠡ᠂ ᠡᠵᠡᠩᠨᠡᠯᠲᠡ ᠶᠢᠨ  ᠭᠡᠷᠡᠭᠴᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃  ᠦᠪᠡᠷᠳᠡᠭᠡᠨ ᠪᠠᠷᠢᠭᠰᠠᠨ ᠭᠡᠷ ᠪᠠᠶᠢᠰᠢᠩ ᠨᠢ ᠡᠵᠡᠩᠨᠡᠯᠲᠡ ᠶᠢᠨ ᠬᠡᠷᠡᠭᠴᠡᠭᠡ ᠳᠤ ᠰᠢᠯᠵᠢᠭᠰᠡᠨ ᠪᠤᠯ  ᠦᠮᠴᠢᠯᠡᠭᠴᠢ   ᠪᠤᠶᠤ ᠬᠡᠷᠡᠭᠯᠡᠭᠴᠢ ᠨᠢ ᠬᠠᠮᠢᠶ᠎ᠠ ᠪᠦᠬᠦᠢ ᠡᠵᠡᠩᠨᠡᠯᠲᠡ ᠶᠢᠨ ᠵᠥᠪᠰᠢᠶᠡᠷᠡᠯ ᠢ ᠬᠦᠢᠴᠡᠳᠭᠡᠵᠦ ᠡᠵᠡᠩᠨᠡᠯᠲᠡ ᠶᠢᠨ ᠠᠵᠢᠯᠯᠠᠭ᠎ᠠ ᠪᠠᠨ ᠬᠢᠬᠦ ᠠᠴᠠ ᠡᠮᠦᠨ᠎ᠡ᠂ ᠭᠡᠷ ᠪᠠᠶᠢᠰᠢᠩ ᠤᠨ ᠠᠶᠤᠯᠭᠦᠢ ᠶᠢᠨ ᠬᠢᠨᠠᠨ ᠲᠣᠭᠲᠠᠭᠠᠯᠲᠠ ᠬᠢᠯᠬᠡᠵᠦ ᠬᠢᠷᠢ ᠲᠡᠩᠴᠡᠭᠰᠡᠨ ᠭᠡᠷᠡᠴᠢ ᠦᠨᠡᠮᠯᠡᠯ ᠢ ᠬᠠᠤᠯᠢ ᠲᠦᠷᠢᠮ ᠤᠨ ᠲᠠᠭᠠᠤ ᠣᠯᠣᠭᠰᠠᠨ ᠪᠠᠶᠢᠬᠤ ᠬᠡᠷᠡᠭᠲᠡᠢ᠃  ᠦᠪᠡᠷᠳᠡᠭᠡᠨ ᠪᠠᠷᠢᠭᠰᠠᠨ ᠭᠡᠷ ᠪᠠᠶᠢᠰᠢᠩ ᠢ ᠨᠢ ᠡᠵᠡᠩᠨᠡᠯᠲᠡ ᠶᠢᠨ ᠬᠡᠷᠡᠭᠴᠡᠭᠡ ᠳᠤ ᠰᠢᠯᠵᠢᠬᠦᠯᠬᠦ ᠶᠢ ᠨᠢᠭᠡᠨᠲᠡ ᠬᠢᠨᠠᠨ ᠵᠦᠪᠰᠢᠶᠡᠷᠡᠭᠰᠡᠨ ᠪᠤᠯ᠂ ᠣᠨ ᠤ ᠬᠢᠨᠠᠨ ᠪᠠᠶᠢᠴᠠᠭᠠᠯᠲᠠ ᠶᠢᠨ ᠦᠶ᠎ᠡ ᠳᠤ ᠭᠡᠷ ᠪᠠᠶᠢᠰᠢᠩ ᠤᠨ ᠠᠶᠤᠯᠭᠦᠢ ᠶᠢᠨ ᠬᠢᠷᠢ ᠲᠡᠩᠴᠡᠭᠰᠡᠨ ᠭᠡᠷᠡᠴᠢ  ᠪᠠᠷᠢᠮᠳᠠ ᠪᠠᠨ ᠲᠤᠰᠢᠶᠠᠬᠤ ᠬᠡᠷᠡᠭᠲᠡᠢ᠃ ᠬᠡᠳᠦᠶᠢᠪᠡᠷ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠪᠣᠯᠪᠠᠴᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠪᠤᠶᠤ ᠠᠵᠢᠯ ᠲᠥᠷᠥᠯ ᠤᠨ ᠨᠥᠬᠦᠴᠡᠯ ᠪᠠᠷᠢᠮᠵᠢᠶ᠎ᠠ ᠳᠤ ᠨᠡᠶᠢᠴᠡᠬᠦ ᠦᠭᠡᠢ ᠥᠪᠡᠷᠲᠡᠭᠡᠨ ᠪᠠᠷᠢᠭᠰᠠᠨ ᠭᠡᠷ ᠪᠠᠶᠢᠰᠢᠩ ᠪᠤᠯ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠎ ᠠᠴᠠ ᠳᠠᠷᠤᠶᠢᠬᠠᠨ ᠴᠡᠭᠴᠡᠯᠡᠨ ᠵᠠᠯᠠᠷᠠᠭᠤᠯᠵᠤ᠂  ᠴᠢᠬᠤᠯᠠᠲᠠᠢ ᠦᠶᠡᠰ ᠠᠵᠢᠯ ᠢ ᠨᠢ ᠵᠣᠭᠰᠣᠭᠠᠵᠤ ᠴᠡᠭᠴᠡᠯᠡᠨ ᠵᠠᠰᠠᠬᠤ ᠬᠡᠷᠡᠭᠲᠡᠢ᠃     ᠬᠤᠶᠠᠷ᠂ ᠬᠢᠨᠠᠨ ᠵᠥᠪᠰᠢᠶᠡᠷᠡᠬᠦ ᠭᠠᠷᠳᠠᠮ ᠬᠦᠢᠴᠡᠳᠭᠡᠯ ᠢ ᠴᠢᠩᠭ᠎ᠠ ᠭᠡᠷᠡᠭᠵᠢᠬᠦᠯᠦᠨ᠎ᠡ᠃ ᠬᠠᠤᠯᠢ ᠶᠣᠰᠣᠨ ᠤ  ᠵᠦᠪᠰᠢᠶᠡᠷᠡᠯ ᠤᠨ ᠭᠠᠷ ᠭᠦᠢᠴᠡᠳᠬᠡᠯ ᠬᠢᠯᠭᠡᠭᠰᠡᠨ ᠦᠭᠡᠢ ᠦᠪᠡᠷᠳᠡᠭᠡᠨ ᠪᠠᠷᠢᠭᠰᠠᠨ ᠭᠡᠷ ᠪᠠᠶᠢᠰᠢᠩ ᠢ ᠡᠵᠡᠩᠨᠡᠯᠲᠡ ᠳᠤ ᠬᠡᠷᠡᠭᠯᠡᠵᠦ ᠪᠣᠯᠬᠤ ᠦᠭᠡᠢ᠂ ᠨᠢᠭᠡᠨᠲᠡ ᠡᠵᠡᠩᠨᠡᠯᠲᠡ ᠳᠤ ᠣᠷᠣᠭᠤᠯᠤᠭᠰᠠᠨ ᠪᠤᠯ᠂ ᠣᠨ ᠤ ᠬᠢᠨᠠᠯᠲᠠ ᠶᠢ ᠭᠦᠢᠴᠡᠳᠬᠡᠬᠦ ᠦᠶ᠎ᠡ ᠳᠤ ᠡᠵᠡᠩᠨᠡᠯᠳᠡ ᠠᠴᠠ ᠭᠠᠷᠭᠠᠨ᠎ᠠ᠃  ᠬᠠᠷᠢᠶ᠎ᠠ ᠭᠠᠵᠠᠷ ᠪᠤᠶᠤ ᠠᠵᠢᠯ ᠲᠥᠷᠥᠯ  ᠎ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠦᠭᠡᠢ ᠪᠣᠯ  ᠂ ᠦᠪᠡᠷᠳᠡᠭᠡᠨ ᠪᠠᠷᠢᠭᠰᠠᠨ ᠭᠡᠷ ᠪᠠᠶᠢᠰᠢᠩ ᠢ ᠡᠵᠡᠩᠨᠡᠯᠲᠡ ᠲᠤ ᠬᠡᠷᠡᠭᠯᠡᠬᠦ ᠪᠤᠶᠤ ᠬᠢᠨᠠᠨ ᠵᠦᠪᠰᠢᠶᠡᠷᠡᠭᠰᠡᠨ ᠬᠡᠪᠴᠢᠶ᠎ᠡ ᠠᠴᠠ ᠭᠡᠳᠦᠷᠡᠨ ᠡᠵᠡᠩᠨᠡᠵᠦ ᠪᠣᠯᠬᠤ ᠦᠭᠡᠢ᠂ ᠨᠢᠭᠡᠨᠲᠡ ᠡᠵᠡᠩᠨᠡᠯᠲᠡ ᠬᠢᠭᠰᠡᠨ ᠪᠣᠯ ᠠᠵᠢᠯ ᠢ ᠨᠢ ᠵᠣᠭᠰᠣᠭᠠᠵᠤ ᠴᠡᠭᠴᠡᠯᠡᠨ ᠵᠠᠰᠠᠬᠤ ᠬᠡᠷᠡᠭᠲᠡᠢ᠃     ᠭᠤᠷᠪᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃  ᠭᠡᠷ ᠪᠠᠶᠢᠰᠢᠩ ᠤᠨ ᠦᠮᠴᠢᠯᠡᠭᠴᠢ ᠨᠢ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠪᠤᠯᠵᠤ᠂  ᠦᠮᠴᠢᠯᠡᠭᠴᠢ ᠪᠠ ᠬᠡᠷᠡᠭᠯᠡᠭᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ  ᠂ ᠠᠵᠢᠯ ᠲᠥᠷᠥᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠦᠮᠴᠢᠯᠡᠭᠴᠢ ᠪᠠ ᠬᠡᠷᠡᠭᠯᠡᠭᠴᠢ ᠶᠢ ᠱᠠᠭᠠᠷᠳᠠᠨ ᠵᠢᠯᠤᠭᠤᠳᠴᠤ ᠭᠡᠷ ᠪᠠᠶᠢᠰᠢᠩ ᠤᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠤᠨ ᠪᠠᠶᠢᠴᠠᠭᠠᠯᠲᠠ ᠬᠢᠯᠬᠡᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠴᠡᠭᠴᠡᠯᠡᠨ ᠵᠠᠰᠠᠵᠤ᠂  ᠬᠡᠮ ᠰᠤᠭᠤᠭ ᠲᠠᠢ ᠭᠡᠷ ᠪᠠᠶᠢᠰᠢᠩ ᠢ ᠡᠵᠡᠩᠨᠡᠯᠳᠡ ᠳᠤ  ᠭᠡᠷᠡᠭᠯᠡᠬᠦ ᠶᠢ ᠴᠠᠭᠠᠵᠠᠯᠠᠨ᠎ᠠ᠃  ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠢ ᠵᠣᠷᠢᠭᠤᠳᠠ ᠨᠢᠭᠤᠨ ᠳᠠᠯᠳᠠᠯᠠᠵᠤ᠂  ᠬᠡᠮ ᠰᠤᠭᠤᠭ ᠲᠠᠢ ᠭᠡᠷ ᠪᠠᠶᠢᠰᠢᠩ ᠢ ᠡᠵᠡᠩᠨᠡᠯᠲᠡ ᠶᠢᠨ ᠲᠠᠯᠠᠪᠤᠷ ᠪᠤᠯᠭᠠᠨ ᠭᠡᠷᠡᠭᠯᠡᠭᠡᠳ ᠠᠮᠤᠷ ᠲᠦᠪᠰᠢᠨ ᠤ ᠤᠰᠤᠯ ᠠᠳᠡᠯ ᠭᠠᠷᠭᠠᠭᠰᠠᠨ ᠪᠤᠶᠤ ᠣᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠳᠥᠷᠪᠡ᠂ ︽ᠭᠤᠷᠪᠠᠨ ᠬᠠᠮᠢᠶᠠᠷᠤᠯᠳᠠ ᠭᠤᠷᠪᠠᠨ ᠡᠷᠬᠡᠪᠰᠢ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ᠂ ᠠᠵᠤ ᠠᠬᠤᠢ ᠪᠠ ᠮᠡᠳᠡᠭᠡ ᠵᠠᠩᠭᠢᠵᠢᠯᠲᠠ᠂ ᠦᠨᠳᠦᠰᠦᠲᠡᠨ ᠱᠠᠰᠢᠨ ᠰᠤᠷᠲᠠᠬᠤᠨ᠂ ᠠᠷᠠᠳ ᠤᠨ ᠶᠠᠪᠤᠳᠠᠯ᠂ ᠬᠤᠲᠠ ᠶᠢᠨ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠢ᠂ ᠺᠢᠨᠣ᠋ ᠲᠧᠯᠸᠢᠰ ᠵᠡᠷᠭᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ︽ᠭᠤᠷᠪᠠᠨ ᠬᠠᠮᠢᠶᠠᠷᠤᠯᠳᠠ ᠭᠤᠷᠪᠠᠨ ᠡᠷᠬᠡᠪᠰᠢ︾᠎ ᠶᠢᠨ ᠱᠠᠭᠠᠷᠳᠠᠯᠭ᠎ᠠ ᠶᠣᠰᠣᠭᠠᠷ᠂ ᠠᠵᠢᠯ ᠲᠥᠷᠥᠯ ᠤᠨ ᠬᠡᠪᠴᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂  ᠦᠮᠴᠢᠯᠡᠭᠴᠢ ᠪᠠ ᠬᠡᠷᠡᠭᠯᠡᠭᠴᠢ ᠶᠢ ᠱᠠᠭᠠᠷᠳᠠᠵᠤ ᠪᠠᠶᠢᠭᠠᠳ ᠠᠮᠤᠷ ᠲᠦᠪᠰᠢᠨ ᠤ ᠦᠪᠡᠷ ᠤᠨ ᠪᠠᠶᠢᠴᠠᠭᠠᠯᠳᠠ ᠪᠠ  ᠬᠡᠮ ᠰᠤᠭᠤᠭ ᠲᠠᠢ ᠭᠡᠷ ᠪᠠᠶᠢᠰᠢᠩ ᠤᠨ ᠠᠮᠤᠷ ᠲᠦᠪᠰᠢᠨ ᠢ ᠬᠢᠨᠠᠨ ᠲᠣᠭᠲᠠᠭᠠᠬᠤ᠂ ᠬᠠᠮᠢᠶᠠᠷᠤᠨ ᠡᠵᠡᠮᠳᠡᠬᠦ᠂ ᠴᠡᠭᠴᠡᠯᠡᠨ ᠵᠠᠰᠠᠬᠤ ᠵᠡᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠤᠯᠢ ᠲᠦᠷᠢᠮ ᠶᠣᠰᠣᠭᠠᠷ  ᠰᠠᠶᠢᠲᠤᠷ ᠬᠠᠮᠵᠢᠯᠴᠠᠨ ᠬᠢᠬᠦ ᠭᠡᠷᠡᠭᠳᠡᠢ᠃ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠰᠣᠶᠣᠯ  ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ᠂  ᠪᠠᠶᠢᠭᠤᠯᠤᠯᠲᠠ᠂ ᠡᠵᠡᠩᠨᠡᠯᠲᠡ ᠵᠡᠷᠭᠡ ᠶᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠎ ᠨᠢ ︽ᠬᠡᠨ ᠵᠥᠪᠰᠢᠶᠡᠷᠡᠪᠡᠯ ᠬᠡᠨ ᠬᠠᠷᠢᠭᠤᠴᠠᠬᠤ︾ ᠱᠠᠭᠠᠷᠳᠠᠯᠭ᠎ᠠ ᠶᠣᠰᠣᠭᠠᠷ᠂ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠮᠴᠢᠯᠡᠭᠴᠢ ᠪᠠ ᠬᠡᠷᠡᠭᠯᠡᠭᠴᠢ ᠶᠢ ᠱᠠᠭᠠᠷᠳᠠᠵᠤ  ᠪᠠᠶᠢᠭᠠᠳ ᠭᠡᠷ ᠪᠠᠶᠢᠰᠢᠩ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠠᠯᠠᠭ᠎ᠠ ᠮᠥᠴᠢᠷ ᠤᠨ ᠬᠠᠮᠳᠤᠷᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ  ᠪᠦᠷᠢᠨᠰᠢᠬᠦᠯᠬᠦ ᠭᠡᠷᠡᠭᠳᠡᠢ᠃     ᠲᠠᠪᠤ᠂ ᠬᠠᠤᠯᠢ ᠲᠦᠷᠢᠮ ᠵᠦᠷᠢᠴᠡᠭᠰᠡᠨ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠭᠠᠵᠠᠷ ᠰᠢᠷᠤᠢ ᠶᠢᠨ ᠭᠡᠷᠡᠭᠯᠡᠯᠳᠡ᠂ ᠲᠦᠯᠦᠪᠵᠢᠬᠦᠯᠭᠡ᠂ ᠪᠠᠶᠢᠭᠤᠯᠤᠯᠳᠠ ᠪᠠ ᠡᠵᠡᠩᠨᠡᠯᠳᠡ ᠶᠢᠨ ᠵᠦᠪᠰᠢᠶᠡᠷᠡᠯ ᠦᠭᠡᠢ᠂ ᠳᠤᠷ᠎ᠠ ᠪᠠᠷ ᠢᠶᠠᠨ ᠥᠭᠡᠷᠡᠴᠢᠯᠡᠨ ᠪᠠᠶᠢᠭᠤᠯᠬᠤ᠂ ᠬᠠᠤᠯᠢ ᠪᠤᠰᠤ ᠪᠠᠷ ᠮᠠᠯᠳᠠᠵᠤ ᠨᠡᠭᠡᠭᠡᠬᠦ᠂  ᠤᠯᠠᠨ ᠨᠡᠶᠢᠳᠡ ᠶᠢᠨ ᠲᠠᠯᠠᠪᠤᠷ ᠤᠨ ᠠᠶᠤᠯ ᠠᠴᠠ ᠵᠠᠶᠢᠯᠠᠬᠤ ᠨᠡᠪᠳᠡᠷᠡᠯ ᠵᠠᠮ ᠢ  ᠪᠥᠭᠯᠡᠬᠦ  ᠵᠢᠴᠢ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠭᠡᠷᠡᠭᠳᠡᠢ᠃ ᠣᠯᠵᠤ ᠮᠡᠳᠡᠭᠰᠡᠨ ᠠᠰᠠᠭᠤᠳᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠴᠢᠩᠭ᠎ᠠ ᠮᠦᠷᠳᠡᠭᠡᠨ ᠲᠦᠷᠭᠡᠨ ᠰᠢᠢᠳᠪᠦᠷᠢᠯᠡᠬᠦ ᠬᠡᠷᠡᠭᠲᠡᠢ᠃ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠵᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ  ᠨᠡᠪᠳᠡᠷᠡᠬᠦᠯᠦᠨ᠂ ᠣᠯᠠᠨ ᠲᠦᠮᠡᠨ ᠤ  ᠰᠦᠪᠡᠭᠴᠢ ᠬᠠᠩᠭᠠᠬᠤ ᠶᠢ ᠵᠤᠷᠢᠬᠵᠢᠭᠤᠯᠵᠤ᠂ ᠪᠠᠶᠢᠳᠠᠯ ᠢ ᠪᠠᠶᠢᠴᠠᠭᠠᠨ ᠲᠣᠳᠣᠯᠠᠭᠰᠠᠨ ᠤ ᠳᠠᠷᠠᠭ᠎ᠠ  ᠵᠦᠢ ᠵᠤᠬᠢᠰᠳᠠᠢ ᠱᠠᠩᠨᠠᠨ ᠵᠤᠷᠢᠬᠵᠢᠭᠤᠯᠤᠨ᠎ᠠ᠃     ᠵᠢᠷᠭᠤᠭ᠎ᠠ᠂ ᠨᠤᠷᠠᠭᠠᠵᠤ ᠨᠡᠭᠦᠯᠭᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠴᠢᠩᠭ᠎ᠠ ᠭᠡᠷᠡᠭᠵᠢᠬᠦᠯᠦᠨ᠎ᠡ᠃ ᠣᠷᠣᠨ ᠰᠠᠭᠤᠴᠠ ᠪᠤᠶᠤ ᠪᠤᠰᠤᠳ ᠡᠵᠡᠩᠨᠡᠯᠲᠡ ᠶᠢᠨ ᠪᠤᠰᠤ ᠴᠢᠨᠠᠷᠲᠠᠢ ᠭᠡᠷᠡᠭᠯᠡᠭᠡᠨ ᠤ ᠭᠡᠷ ᠪᠠᠶᠢᠰᠢᠩ ᠢ ᠳᠤᠷ᠎ᠠ ᠪᠠᠷ ᠢᠶᠠᠨ ᠡᠵᠡᠩᠨᠡᠯᠲᠡ ᠶᠢᠨ ᠴᠢᠨᠠᠷᠲᠠᠢ ᠭᠡᠷᠡᠭᠯᠡᠭᠡᠨ ᠤ ᠭᠡᠷ ᠪᠠᠶᠢᠰᠢᠩ ᠪᠤᠯᠭᠠᠵᠤ ᠥᠭᠡᠷᠡᠴᠢᠯᠡᠵᠦ ᠡᠵᠡᠩᠨᠡᠭᠰᠡᠨ᠂ ᠡᠰᠡᠬᠦᠯ᠎ᠡ  ᠦᠪᠡᠷᠳᠡᠭᠡᠨ ᠪᠠᠷᠢᠭᠰᠠᠨ ᠭᠡᠷ ᠪᠠᠶᠢᠰᠢᠩ ᠢᠶᠠᠷ ᠢᠶᠠᠨ ᠡᠵᠡᠩᠨᠡᠯᠲᠡ ᠶᠢᠨ ᠦᠨᠡᠮᠯᠡᠯ ᠣᠯᠣᠭᠰᠠᠨ ᠪᠠᠶᠢᠪᠠᠯ᠂ ᠭᠡᠷ ᠪᠠᠶᠢᠰᠢᠩ ᠢ ᠨᠤᠷᠠᠭᠠᠵᠤ ᠨᠡᠭᠦᠯᠭᠡᠬᠦ ᠦᠶ᠎ᠡ ᠳᠤ ᠡᠵᠡᠩᠨᠡᠯᠲᠡ ᠶᠢᠨ ᠴᠢᠨᠠᠷᠲᠠᠢ ᠭᠡᠷᠡᠭᠯᠡᠭᠡᠨ ᠤ ᠭᠡᠷ ᠪᠠᠶᠢᠰᠢᠩ ᠤᠨ ᠨᠥᠬᠦᠪᠦᠷᠢ ᠤᠯᠭᠤᠵᠤ ᠪᠤᠯᠬᠤ ᠦᠭᠡᠢ  ᠃     ᠳᠣᠯᠤᠭ᠎ᠠ᠂ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠳᠦᠷ ᠲᠤᠲᠤᠮ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠬᠠᠤᠯᠢ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠴᠢᠩᠭ᠎ᠠ ᠰᠢᠢᠳᠪᠦᠷᠢᠯᠡᠵᠦ᠂  ᠡᠵᠡᠩᠨᠡᠯᠲᠡ ᠶᠢᠨ ᠴᠢᠨᠠᠷᠲᠠᠢ ᠦᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠨᠡᠮᠡᠭᠳᠡᠬᠦ ᠶᠢ ᠡᠷᠡᠰ ᠬᠤᠷᠢᠭᠯᠠᠬᠤ ᠬᠡᠷᠡᠭᠲᠡᠢ᠃     ᠨᠠᠢᠮᠠ᠂ ᠭᠡᠷ ᠪᠠᠶᠢᠰᠢᠩ ᠤᠨ ᠠᠮᠤᠷ ᠲᠦᠪᠰᠢᠨ ᠢ ᠬᠢᠨᠠᠨ ᠲᠤᠭᠳᠠᠭᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ ᠤᠷᠤᠨ ᠤ ᠪᠠᠨ ᠭᠡᠷ ᠪᠠᠶᠢᠰᠢᠩ ᠤᠨ ᠠᠮᠤᠷ ᠲᠦᠪᠰᠢᠨ ᠢ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠢᠨᠠᠨ ᠲᠣᠭᠲᠠᠭᠠᠬᠤ ᠦᠶᠯᠡ ᠠᠵᠢᠯᠯᠠᠭ᠎ᠠ ᠳᠤ ᠴᠢᠩᠭ᠎ᠠ ᠬᠢᠨᠠᠯᠳᠠ ᠲᠠᠯᠪᠢᠵᠤ᠂ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠬᠤ ᠪᠠ ᠬᠢᠨᠠᠨ ᠲᠣᠭᠲᠠᠭᠠᠬᠤ ᠦᠨ᠎ᠡ ᠬᠠᠩᠰᠢ ᠶᠢ ᠥᠰᠬᠡᠬᠦ ᠵᠡᠷᠭᠡ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠢᠨᠠᠨ ᠲᠣᠭᠲᠠᠭᠠᠬᠤ ᠪᠠᠶᠢᠭᠤᠯᠤᠮᠵᠢ ᠨᠢ ᠭᠡᠷ ᠪᠠᠶᠢᠰᠢᠩ ᠤᠨ  ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠬᠦ ᠳᠡᠭᠡᠨ ᠴᠢᠩᠭ᠎ᠠ ᠨᠢᠮᠪᠠᠢ ᠬᠠᠷᠢᠭᠤᠴᠠᠵᠤ᠂ ᠦᠨᠡᠨ ᠪᠤᠳᠠᠳᠠᠢ ᠪᠦᠭᠡᠳ ᠵᠦᠪ ᠤᠨᠤᠪᠴᠢᠳᠠᠢ ᠪᠠᠶᠢᠬᠤ ᠬᠡᠷᠡᠭᠲᠡᠢ᠂ ᠬᠡᠰᠡᠭ ᠲᠠᠯ᠎ᠠ ᠶᠢᠨ ᠠᠮᠤᠷ ᠲᠦᠪᠰᠢᠨ ᠤ ᠬᠢᠨᠠᠨ ᠲᠣᠭᠲᠠᠭᠠᠯᠲᠠ ᠪᠠᠷ ᠪᠦᠬᠦ᠋ᠢᠯᠡ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠣᠷᠣᠯᠠᠭᠤᠯᠵᠤ ᠪᠣᠯᠬᠤ ᠦᠭᠡᠢ᠂  ᠬᠤᠳᠠᠯ ᠬᠠᠭᠤᠷᠮᠠᠭ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠭᠠᠷᠭᠠᠵᠤ ᠥᠭᠴᠦ ᠪᠣᠯᠬᠤ ᠦᠭᠡᠢ᠃     ᠶᠢᠰᠦ᠂ ᠤᠬᠠᠭᠤᠯᠭ᠎ᠠ ᠵᠢᠯᠤᠭᠤᠳᠤᠯᠭ᠎ᠠ ᠶᠢ ᠰᠠᠶᠢᠨ ᠬᠢᠨ᠎ᠡ᠃  ᠤᠬᠠᠭᠤᠯᠭ᠎ᠠ ᠶᠢᠨ ᠰᠠᠯᠠᠭ᠎ᠠ ᠮᠥᠴᠢᠷ ᠪᠤᠯᠤᠨ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂  ᠦᠪᠡᠷᠳᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠭᠡᠷᠡᠭᠯᠡᠭᠡᠨ ᠤ ᠬᠠᠮᠢᠶᠠᠷᠤᠯᠳᠠ ᠶᠢᠨ ᠴᠢᠬᠤᠯᠠ ᠴᠢᠨᠠᠷ ᠢ ᠥᠷᠭᠡᠨ ᠢᠶᠠᠷ ᠤᠬᠠᠭᠤᠯᠤᠨ᠂ ᠦᠮᠴᠢᠯᠡᠭᠴᠢ ᠪᠤᠶᠤ ᠬᠡᠷᠡᠭᠯᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠪᠠ ᠪᠥᠬᠦ ᠨᠡᠶᠢᠭᠡᠮ ᠤᠨ ᠠᠮᠤᠷ ᠲᠦᠪᠰᠢᠨ ᠤ ᠦᠵᠡᠯ ᠤᠬᠠᠮᠰᠠᠷ ᠢ ᠲᠡᠭᠡᠭᠰᠢᠯᠡᠬᠦᠯᠵᠦ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠬᠠᠯᠠᠮᠵᠢᠯᠠᠵᠤ ᠬᠠᠮᠲᠤᠪᠠᠷ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠢ᠃     ᠢᠯᠡᠴᠢᠯᠡᠨ ᠮᠡᠳᠡᠭᠦᠯᠬᠦ ᠤᠲᠠᠰᠤ᠄     ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ 0479 ︱ 5238174     ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ 0479 ︱ 2265505     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ 0479 ︱ 2265272                                                                                    ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2024 ᠣᠨ ᠤ 3 ᠰᠠᠷ᠎ᠠ ᠶᠢᠨ 27᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号