ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/28
  ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡᠨ ᠤ ᠬᠠᠮᠢᠶᠠᠷᠤᠯᠳᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠡᠮᠬᠢ ᠵᠢᠷᠤᠮ᠂ ᠠᠮᠤᠷ ᠲᠦᠪᠰᠢᠨ ᠢ ᠪᠠᠲᠤᠯᠠᠵᠤ᠂  ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠤᠯᠢ ᠲᠦᠷᠢᠮ ᠢ ᠦᠨᠳᠦᠰᠦᠯᠡᠨ᠂ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠲᠦᠷᠢᠮᠵᠢᠯ︾ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ︵GB17761 ︱ 2018︶ ᠶᠢᠨ ᠲᠣᠭᠲᠠᠭᠠᠯ ᠶᠣᠰᠣᠭᠠᠷ᠂  ᠲᠠᠶᠢᠹᠤᠰᠧ ᠬᠤᠰᠢᠭᠤᠨ ᠤ ᠪᠠᠨ ᠪᠤᠳᠠᠳᠠᠢ ᠲᠠᠢ ᠤᠶᠠᠯᠳᠤᠭᠤᠯᠵᠤ᠂ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡᠨ ᠤ ᠬᠠᠮᠢᠶᠠᠷᠤᠯᠲᠠ ᠶᠢ ᠴᠢᠩᠭᠠᠳᠬᠠᠬᠤ ᠪᠠᠷ ᠪᠤᠯᠪᠠ᠃  ᠡᠳᠦᠭᠡ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄    ᠨᠢᠭᠡ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠭᠡᠳ᠂ ᠴᠠᠬᠢᠯᠭᠠᠨ ᠬᠥᠳᠡᠯᠭᠡᠭᠦᠷᠲᠦ ᠲᠡᠷᠭᠡ ᠲᠠᠢ ᠬᠦᠮᠦᠰ ᠨᠢ ᠲᠤᠭᠳᠠᠭᠰᠠᠨ ᠭᠠᠵᠠᠷ ︵ᠭᠤᠷᠪᠠᠳᠤᠭᠠᠷ ᠵᠤᠷᠪᠤᠰ ᠲᠤ ᠪᠤᠢ︶ ᠲᠤ ᠬᠦᠷᠴᠦ ᠲᠤᠭᠤᠢ ᠲᠡᠷᠭᠡ ᠪᠠᠨ ᠲᠠᠩᠰᠠᠯᠠᠭᠤᠯᠤᠨ᠂ ︽ᠬᠤᠯᠠᠭᠠᠶᠢᠯᠠᠬᠤ ᠠᠴᠠ ᠰᠡᠷᠭᠡᠶᠢᠯᠡᠬᠦ ᠫᠠᠶᠢᠰᠠ︾  ᠤᠭᠰᠠᠷᠠᠨ᠎ᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠳᠦᠷ ᠲᠤᠲᠤᠮ ᠤᠨ ᠵᠠᠮ ᠤᠨ ᠪᠠᠶᠢᠴᠠᠭᠠᠯᠲᠠ ᠶᠢᠨ ᠲᠤᠮᠳᠠ ᠪᠠᠨ  ᠫᠠᠶᠢᠰᠠ  ᠡᠯᠬᠦᠭᠰᠡᠨ ᠦᠭᠡᠢ ᠪᠤᠶᠤ  ᠳᠠᠩᠰᠠᠯᠠᠭᠤᠯᠤᠭᠰᠠᠨ ᠦᠭᠡᠢ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠶᠢ ᠪᠠᠶᠢᠴᠠᠭᠠᠵᠤ ᠢᠯᠡᠷᠡᠬᠦᠯᠪᠡᠯ ᠤᠬᠠᠭᠤᠯᠤᠨ ᠢᠳᠬᠠᠵᠤ ᠪᠠᠶᠢᠭᠠᠳ ᠲᠠᠩᠰᠠᠯᠠᠭᠤᠯᠵᠤ ᠤᠭᠰᠠᠷᠠᠭᠤᠯᠬᠤ ᠬᠡᠷᠡᠭᠲᠡᠢ᠃ ︽ᠬᠤᠯᠠᠭᠠᠶᠢᠯᠠᠬᠤ ᠠᠴᠠ ᠰᠡᠷᠭᠡᠶᠢᠯᠡᠬᠦ ᠫᠠᠶᠢᠰᠠ︾  ᠪᠣᠯᠭᠠᠨ ᠳᠤ ᠪᠦᠷ ᠬᠤᠪᠢ ᠬᠤᠪᠢᠨ ᠤ ᠳ᠋ᠤᠭᠠᠷᠯᠠᠯ ᠲᠠᠢ ᠪᠠᠶᠢᠵᠤ᠂ ᠬᠤᠪᠢ ᠬᠥᠮᠥᠨ ᠤ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠶᠢ ᠢᠯᠭᠠᠨ ᠲᠠᠨᠢᠬᠤ ᠳᠤ ᠬᠠᠪᠰᠤᠷᠤᠮᠵᠢ ᠪᠣᠯᠵᠤ᠂  ᠭᠡᠷᠪᠡ ᠭᠡᠭᠡᠵᠦ ᠠᠯᠳᠠᠬᠤ ᠳᠤ ᠬᠦᠷᠪᠡᠯ ᠲᠤᠰ ᠳ᠋ᠤᠭᠠᠷ ᠢᠶᠠᠷ ᠲᠤᠭᠤᠢ ᠲᠡᠷᠭᠡ ᠶᠢ ᠮᠦᠷᠳᠡᠨ  ᠡᠷᠢᠵᠦ ᠪᠣᠯᠣᠨ᠎ᠠ᠃ ᠵᠠᠮ ᠬᠠᠷᠢᠯᠴᠠᠭᠠᠨ ᠤ ᠤᠰᠤᠯ ᠭᠠᠷᠤᠭᠰᠠᠨ ᠤ ᠳᠠᠷᠠᠭ᠎ᠠ ᠴᠤ  ᠲᠡᠷᠭᠡ ᠪᠠ ᠵᠢᠯᠤᠭᠤᠴᠢ ᠶᠢᠨ ᠬᠢᠨᠢ ᠰᠤᠷᠠᠭ ᠵᠠᠩᠭᠢ ᠶᠢ ᠢᠯᠭᠠᠨ ᠲᠠᠨᠢᠵᠤ ᠲᠡᠶᠢᠯᠦᠨ᠎ᠡ᠃    ᠬᠤᠶᠠᠷ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠭᠡᠳ᠂ ᠰᠢᠨ᠎ᠡ ᠪᠠᠷ ᠬᠤᠳᠠᠯᠳᠤᠨ ᠠᠪᠤᠭᠰᠠᠨ ᠭᠤᠷᠪᠠᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ᠂ ᠪᠠᠷᠢᠮᠵᠢᠶ᠎ᠠ   ᠠᠴᠠ ᠬᠡᠲᠦᠷᠡᠭᠰᠡᠨ ᠬᠤᠶᠠᠷ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠳᠤ ᠫᠠᠶᠢᠰᠠ ᠤᠭᠰᠠᠷᠠᠵᠤ ᠦᠭᠬᠦ ᠦᠭᠡᠢ᠃ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠬᠤᠶᠠᠷ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠶᠢ  ᠬᠤᠳᠠᠯᠳᠤᠨ ᠠᠪᠬᠤ ᠳᠠᠭᠠᠨ ᠬᠤᠳᠠᠯᠳᠤᠨ ᠠᠪᠤᠭᠰᠠᠨ ᠡᠳᠦᠷ ᠠᠴᠠ ᠡᠬᠢᠯᠡᠭᠡᠳ 30 ᠡᠳᠦᠷ ᠤᠨ ᠳᠣᠲᠣᠷ᠎ᠠ ᠲᠤᠭᠳᠠᠭᠰᠠᠨ ᠭᠠᠵᠠᠷ ᠲᠤ ᠬᠦᠷᠴᠦ  ᠲᠠᠩᠰᠠᠯᠠᠭᠤᠯᠵᠤ  ᠫᠠᠶᠢᠰᠠ ᠤᠭᠰᠠᠷᠠᠬᠤ ᠬᠡᠷᠡᠭᠲᠡᠢ᠃    ᠭᠤᠷᠪᠠ᠂ ᠪᠦᠷᠢᠳᠬᠡᠨ ᠳᠡᠩᠰᠡᠯᠡᠵᠦ  ᠫᠠᠶᠢᠰᠠ ᠤᠭᠰᠠᠷᠠᠬᠤ ᠡᠳᠦᠷ ᠰᠠᠷ᠎ᠠ᠄ ᠪᠦᠦ ᠹᠧᠩ ᠨᠡᠶᠢᠭᠡᠮ ᠲᠣᠭᠤᠷᠢᠭ ︵3.28  ︱ 3.29︶᠂  ᠨᠠᠨ ᠵᠢᠶᠤᠤ ᠨᠡᠶᠢᠭᠡᠮ ᠲᠣᠭᠤᠷᠢᠭ ︵3.30 ︱ 3.31︶᠂  ᠰᠢᠨ ᠬᠤᠸᠠ  ᠨᠡᠶᠢᠬᠡᠮ ᠲᠣᠭᠤᠷᠢᠭ ︵4.1 ︱ 4.2︶᠂   ᠲᠠᠢ ᠫᠢᠩ ᠨᠡᠶᠢᠭᠡᠮ ᠲᠣᠭᠤᠷᠢᠭ ︵4.3  ︱ 4.4  ︶  ᠂  ᠵᠢᠶᠠᠨ ᠰᠢᠩ ᠨᠡᠶᠢᠭᠡᠮ ᠲᠣᠭᠤᠷᠢᠭ ︵4.5  ︱ 4.6︶  ᠂   ᠳ᠋ᠦᠩ ᠵᠢᠶᠤᠤ ᠨᠡᠶᠢᠭᠡᠮ ᠲᠣᠭᠤᠷᠢᠭ ︵4.5 ︱ 4.8  ︶᠃  ᠪᠦᠷᠢᠳᠬᠡᠨ ᠳᠡᠩᠰᠡᠯᠡᠵᠦ  ᠫᠠᠶᠢᠰᠠ ᠤᠭᠰᠠᠷᠠᠬᠤ ᠭᠠᠵᠠᠷ ᠢ ᠨᠡᠮᠡᠵᠦ ᠲᠤᠬᠢᠷᠠᠭᠤᠯᠪᠠᠯ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠠᠯ ᠨᠡᠶᠢᠳᠡᠯᠡᠬᠦ ᠪᠤᠯᠤᠨ᠎ᠠ᠃ ᠳᠠᠩᠰᠠᠯᠠᠭᠤᠯᠬᠤ ᠦᠶᠡᠰ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠵᠢᠴᠢ  ᠬᠤᠳᠠᠯᠳᠤᠨ ᠠᠪᠤᠭᠰᠠᠨ ᠭᠡᠷᠡᠴᠢ᠂ ᠬᠢᠷᠢ ᠲᠡᠩᠴᠡᠭᠰᠡᠨ ᠭᠡᠷᠡᠴᠢ ᠪᠠᠷᠢᠮᠳᠠ ᠶᠢ ᠰᠢᠯᠭᠠᠬᠤ ᠶᠢᠨ ᠬᠠᠮᠲᠤ᠂  ᠵᠢᠯᠤᠭᠤᠴᠢ ᠶᠢᠨ ᠪᠡᠶ᠎ᠡ ᠶᠢᠨ ᠦᠨᠡᠮᠯᠡᠯ ᠢᠶᠠᠷ ᠨᠢ ᠫᠠᠶᠢᠰᠠ ᠶᠢ ᠤᠯᠭᠤᠨ᠎ᠠ᠃     ᠳᠥᠷᠪᠡ᠂ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡᠨ ᠫᠠᠶᠢᠰᠠ ᠨᠢ ᠡᠪᠳᠡᠷᠡᠭᠰᠡᠨ ᠪᠤᠶᠤ ᠭᠡᠭᠡᠭᠳᠡᠭᠰᠡᠨ ᠪᠤᠯ᠂  ᠲᠡᠷᠭᠡᠨ ᠤ ᠡᠵᠡᠨ ᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠨ᠎ᠡ ᠫᠠᠶᠢᠰᠠ ᠰᠣᠯᠢᠵᠤ ᠠᠪᠬᠤ ᠡᠷᠡᠮᠡᠯᠵᠡᠯ ᠭᠠᠷᠭᠠᠬᠤ ᠭᠡᠷᠡᠭᠳᠡᠢ᠃     ᠲᠠᠪᠤ᠂ ᠴᠠᠬᠢᠯᠭᠠᠨ ᠬᠥᠳᠡᠯᠭᠡᠭᠦᠷᠲᠦ ᠲᠤᠭᠤᠢ ᠲᠡᠷᠭᠡ ᠵᠢᠯᠤᠭᠤᠳᠬᠤ ᠳᠠᠭᠠᠨ  ᠲᠤᠤᠷᠠᠬᠢ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄     1. ︽ᠬᠤᠯᠠᠭᠠᠶᠢᠯᠠᠬᠤ ᠠᠴᠠ ᠰᠡᠷᠭᠡᠶᠢᠯᠡᠬᠦ  ᠫᠠᠶᠢᠰᠠ︾ ᠶᠢ ᠲᠡᠷᠭᠡᠨ ᠤ ᠠᠷᠤ ᠳᠠᠬᠢ ᠢᠯᠡ ᠭᠠᠵᠠᠷ ᠲᠤ ᠤᠭᠰᠠᠷᠠᠬᠤ   ᠶᠢᠨ ᠬᠠᠮᠳᠤ᠂ ᠲᠤᠭ᠎ᠠ ᠨᠤᠮᠧᠷ ᠨᠢ ᠲᠣᠳᠣᠷᠬᠠᠢ᠂ ᠪᠦᠷᠢᠨ ᠪᠦᠲᠦᠨ ᠪᠠᠶᠢᠬᠤ ᠶᠢ ᠪᠠᠳᠤᠯᠠᠬᠤ ᠭᠡᠷᠡᠭᠳᠡᠢ᠃     2. ᠵᠢᠯᠣᠭᠤᠴᠢ ᠨᠢ ᠡᠷᠭᠡᠪᠰᠢ ᠪᠦᠬᠦᠯᠢ 16 ᠨᠠᠰᠤ ᠬᠦᠷᠦᠭᠰᠡᠨ ᠪᠠᠶᠢᠬᠤ ᠭᠡᠷᠡᠭᠳᠡᠢ᠃     3. ᠠᠷᠢᠬᠢ ᠤᠤᠭᠤᠭᠰᠠᠨ ᠪᠤᠶᠤ ᠠᠷᠢᠬᠢᠨ ᠳᠤ ᠰᠣᠭᠲᠣᠭᠰᠠᠨ ᠤ ᠲᠠᠷᠠᠭ᠎ᠠ  ᠵᠢᠯᠤᠭᠤᠳᠴᠤ ᠪᠣᠯᠬᠤ ᠦᠭᠡᠢ᠃     4. ᠵᠡᠮ ᠤᠨ ᠴᠠᠭᠳᠠᠭ᠎ᠠ ᠶᠢᠨ ᠵᠢᠯᠣᠭᠤᠳᠤᠯᠭ᠎ᠠ ᠶᠢ ᠲᠡᠭᠠᠵᠦ᠂ ᠵᠡᠮ ᠬᠠᠷᠢᠯᠴᠠᠭᠠᠨ ᠤ ᠲᠡᠮᠳᠡᠭ ᠲᠤᠬᠢᠶ᠎ᠠ ᠶᠢ ᠵᠢᠷᠤᠮᠯᠠᠨ᠂  ᠲᠤᠭᠳᠠᠭᠰᠠᠨ ᠵᠢᠷᠤᠭᠠᠰᠤ ᠱᠤᠭᠤᠮ ᠢᠶᠠᠷ ᠠᠶᠠᠯᠠᠬᠤ ᠭᠡᠷᠡᠭᠳᠡᠢ  ᠃   ᠤᠯᠠᠭᠠᠨ ᠳ᠋ᠧᠩ ᠢ ᠰᠢᠪᠳᠤᠯᠬᠤ᠂ ᠬᠤᠷᠢᠭ᠎ᠠ ᠱᠤᠭᠤᠮ ᠢ ᠲᠠᠪᠠᠭ᠋ᠤ᠂  ᠡᠰᠡᠷᠬᠦ ᠴᠢᠭᠯᠡᠯ ᠢᠶᠠᠷ ᠠᠶᠠᠯᠠᠬᠤ᠂  ᠮᠠᠰᠢᠨ ᠲᠡᠷᠭᠡᠨ ᠤ ᠵᠠᠮ ᠳᠤ ᠤᠷᠤᠬᠤ᠂ ᠬᠠᠤᠯᠢ ᠵᠦᠷᠢᠴᠡᠵᠦ ᠬᠥᠮᠥᠨ ᠰᠠᠭᠤᠯᠭᠠᠬᠤ᠂ ᠳᠤᠷ᠎ᠠ ᠪᠠᠷ ᠢᠶᠠᠨ ᠡᠷᠬᠢᠵᠦ ᠮᠤᠰᠬᠢᠬᠤ  ᠂  ᠬᠤᠷᠳᠤᠨ ᠤ ᠵᠠᠮ ᠳᠤ ᠭᠠᠷᠴᠤ ᠠᠶᠠᠯᠠᠬᠤ᠂  ᠵᠠᠮ ᠬᠠᠷᠢᠯᠴᠠᠭᠠᠨ ᠤ ᠬᠠᠮᠢᠶᠠᠷᠤᠯᠲᠠ ᠶᠢ ᠵᠥᠷᠢᠴᠡᠨ ᠠᠯᠪᠠ ᠪᠠᠷ ᠠᠶᠠᠯᠠᠬᠤ ᠵᠡᠷᠭᠡ ᠦᠢᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃     5. ᠮᠤᠰᠬᠢᠵᠤ ᠮᠤᠷᠤᠶᠢᠬᠤ ᠳᠠᠭᠠᠨ ᠠᠰ ᠠᠶᠠᠯᠠᠯ ᠤᠨ ᠲᠡᠷᠭᠡ ᠪᠤᠶᠤ ᠶᠠᠪᠠᠭᠠᠨ ᠬᠥᠮᠥᠨ ᠳᠤ ᠨᠠᠶᠢᠷ ᠲᠠᠯᠪᠢᠵᠤ᠂ ᠶᠠᠪᠠᠭᠠᠨ ᠤ ᠵᠠᠮ ᠢᠶᠠᠷ ᠥᠩᠭᠡᠷᠡᠬᠦ ᠳᠡᠭᠡᠨ ᠶᠠᠪᠠᠭᠠᠨ ᠬᠥᠮᠥᠨ ᠳᠤ ᠨᠠᠶᠢᠷ  ᠲᠠᠯᠪᠢᠨ᠎ᠠ᠂ ᠮᠤᠷᠤᠶᠢᠬᠤ ᠠᠴᠠ ᠪᠠᠨ ᠡᠮᠦᠨ᠎ᠡ ᠬᠤᠷᠳᠤᠴᠠ ᠪᠠᠨ ᠤᠳᠠᠭᠠᠰᠢᠷᠠᠭᠤᠯᠵᠤ᠂ ᠭᠠᠷ ᠢᠶᠠᠨ ᠰᠤᠩᠭᠠᠨ ᠳᠣᠬᠢᠶ᠎ᠠ ᠥᠭᠭᠦᠨ᠎ᠡ᠂ ᠵᠠᠯᠠᠭᠤᠷ ᠳ᠋ᠧᠩ ᠲᠠᠢ ᠪᠤᠯ ᠮᠤᠷᠤᠶᠢᠬᠤ ᠠᠴᠠ ᠪᠠᠨ ᠡᠮᠦᠨ᠎ᠡ ᠳ᠋ᠧᠩ ᠢᠶᠠᠨ ᠠᠰᠠᠭᠠᠨ᠎ᠠ᠃     6. ᠠᠶᠤᠯ ᠠᠴᠠ ᠬᠠᠮᠠᠭᠠᠯᠠᠬᠤ ᠳᠤᠭᠤᠯᠠᠭ᠎ᠠ ᠡᠮᠦᠰᠬᠦ ᠬᠡᠷᠡᠭᠲᠡᠢ᠃     7. ᠵᠢᠯᠤᠭᠤᠳᠬᠤ ᠶᠠᠪᠤᠴᠠ ᠳᠤ ᠭᠠᠷ ᠤᠳᠠᠰᠤ ᠭᠡᠷᠡᠭᠯᠡᠬᠦ ᠪᠠ ᠪᠤᠰᠤᠳ ᠠᠶᠤᠯᠳᠠᠢ ᠤᠢᠢᠯᠠ ᠠᠵᠢᠯᠯᠠᠭ᠎ᠠ ᠶᠢ ᠬᠢᠵᠦ ᠪᠣᠯᠬᠤ ᠦᠬᠡᠢ᠂  ᠪᠤᠰᠤᠳ ᠲᠡᠷᠭᠡ ᠶᠢ ᠴᠢᠷᠴᠦ ᠲᠠᠳᠠᠵᠤ ᠪᠣᠯᠬᠤ ᠦᠬᠡᠢ᠃     8. ᠲᠣᠷᠮᠣᠰᠯᠠᠭᠤᠷ᠂ ᠪᠦᠷᠢᠶ᠎ᠡ᠂ ᠳ᠋ᠧᠩ ᠵᠡᠷᠭᠡ ᠠᠮᠤᠷ ᠲᠦᠪᠰᠢᠨ ᠤ ᠲᠥᠬᠦᠭᠡᠷᠦᠮᠵᠢ ᠶᠢᠨ ᠴᠢᠨᠠᠷ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠢ᠃     9. ᠲᠡᠷᠭᠡ ᠤᠨᠤᠭ᠎ᠠ ᠪᠠᠨ ᠲᠣᠭᠲᠠᠭᠠᠯ ᠶᠣᠰᠣᠭᠠᠷ ᠵᠣᠭᠰᠤᠭᠠᠬᠤ ᠬᠡᠷᠡᠭᠲᠡᠢ᠂ ᠳᠤᠷ᠎ᠠ ᠵᠤᠷᠢᠭ ᠢᠶᠠᠷ ᠢᠶᠠᠨ ᠵᠣᠭᠰᠣᠭᠠᠵᠤ ᠲᠠᠯᠪᠢᠵᠤ ᠪᠣᠯᠬᠤ ᠦᠬᠡᠢ᠃     10. ᠠᠶᠠᠨᠴᠢᠨ ᠲᠡᠭᠡᠭᠡᠪᠦᠷᠢᠯᠡᠬᠦ᠂ ᠪᠠᠷᠠᠭ᠎ᠠ ᠵᠦᠬᠡᠬᠡᠪᠦᠷᠢᠯᠡᠬᠦ ᠵᠡᠷᠭᠡ ᠠᠰᠢᠭ ᠬᠤᠨᠵᠢᠪᠤᠷᠢ ᠶᠢᠨ ᠴᠢᠨᠠᠷᠲᠠᠢ ᠡᠵᠡᠩᠨᠡᠯᠳᠡ ᠬᠢᠵᠦ ᠪᠣᠯᠬᠤ ᠦᠬᠡᠢ᠃     11. ᠵᠢᠯᠣᠭᠤᠴᠢ ᠨᠢ ᠵᠠᠮ ᠬᠠᠷᠢᠯᠴᠠᠭᠠᠨ ᠤ ᠠᠮᠤᠷ ᠲᠦᠪᠰᠢᠨ ᠤ  ᠬᠠᠮᠢᠶ᠎ᠠ ᠪᠦᠬᠦᠢ ᠬᠠᠤᠯᠢ ᠲᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃                                           ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ                   ᠵᠠᠮ   ᠬᠠᠷᠢᠯᠴᠠᠭᠠᠨ   ᠤ   ᠬᠠᠮᠢᠶᠠᠷᠤᠯᠲᠠ   ᠶᠢᠨ   ᠶᠡᠭᠡ    ᠠᠩᠭᠢ                               2023 ᠣᠨ ᠤ 3 ᠰᠠᠷ᠎ᠠ ᠶᠢᠨ 27 ᠤ  ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号