ᠬᠠᠮᠳᠤᠷᠠᠨ ᠬᠦᠳᠡᠯᠦᠯᠴᠡᠬᠦ ᠲᠤᠭᠳᠠᠴᠠ ᠶᠢ ᠪᠠᠶᠢᠭᠤᠯᠵᠤ ᠳᠠᠮᠫᠤᠷᠠᠯ ᠤᠨ ᠬᠡᠷᠡᠭ ᠢ ᠪᠦᠳᠦᠮᠵᠢᠳᠡᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/3/29
   ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠠᠮᠫᠤᠷᠠᠯ ᠤᠨ ᠬᠡᠷᠡᠭ ᠢ ᠰᠢᠭᠦᠨ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠬᠦᠯᠦᠨ  ᠲᠤᠬᠠᠢ ᠶᠢᠨ ᠬᠦᠮᠦᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 27 ᠎ ᠤ ᠡᠳᠦᠷ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠎ ᠨᠢ ︽ᠣᠷᠳᠣᠨ ᠬᠤᠷᠢᠶᠠᠨ ᠤ ᠬᠠᠮᠲᠤᠷᠠᠭᠰᠠᠨ ᠬᠤᠷᠠᠯ︾᠎ ᠢ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠶᠠᠷ ᠤᠳᠠᠭᠠᠨ ᠤ ᠳᠠᠮᠫᠤᠷᠠᠯ ᠤᠨ ᠬᠡᠷᠡᠭ ᠢ ᠰᠢᠢᠳᠪᠦᠷᠢᠯᠡᠭᠰᠡᠨ ᠠᠵᠢᠯ ᠤᠨ ᠠᠬᠢᠴᠠ ᠶᠢ ᠮᠡᠳᠡᠭᠳᠡᠵᠦ᠂  ᠵᠠᠰᠠᠭ ᠤᠨ ᠣᠷᠳᠣᠨ ᠪᠠ ᠰᠢᠭᠦᠬᠦ ᠬᠤᠷᠢᠶᠠᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠭᠦᠢᠴᠡᠳᠬᠡᠯ ᠲᠤᠭᠠᠨ ᠤ ᠳᠤᠮᠳᠠᠬᠢ ᠴᠢᠬᠤᠯᠠ ᠴᠢᠨᠠᠷ ᠢ ᠵᠠᠳᠠᠯᠤᠭᠰᠠᠨ ᠤ ᠬᠠᠮᠲᠤ᠂ ᠳᠠᠮᠫᠤᠷᠠᠯ ᠤᠨ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠬᠦᠴᠢᠷᠳᠡᠢ ᠠᠰᠠᠭᠤᠳᠠᠯ ᠪᠠ ᠬᠠᠮᠲᠤᠷᠠᠨ ᠰᠢᠢᠳᠪᠦᠷᠢᠯᠡᠬᠦ ᠴᠢᠬᠤᠯᠠᠲᠠᠢ ᠵᠦᠢᠯᠡᠰ ᠤᠨ ᠲᠤᠬᠠᠢ ᠰᠤᠳᠤᠯᠤᠨ ᠶᠠᠷᠢᠯᠴᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠨ ᠵᠠᠰᠠᠭ ᠵᠠᠬᠢᠷᠭᠠᠨ ᠤ ᠨᠢᠭᠡᠴᠡ ᠶᠢᠨ ᠬᠠᠷᠢᠭᠤᠴᠠᠯᠭᠠᠲᠠᠨ ᠠᠴᠠ ᠲᠣᠰ ᠲᠣᠰ ᠤᠨ ᠵᠠᠰᠠᠭ ᠵᠠᠬᠢᠷᠭᠠᠨ ᠤ ᠡᠬᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠠᠷᠢᠯᠴᠠᠨ ᠨᠡᠪᠲᠡᠷᠡᠯᠴᠡᠵᠦ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠳᠠᠮᠫᠤᠷᠠᠯ ᠤᠨ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠪᠡᠷᠬᠡ ᠠᠰᠠᠭᠤᠳᠠᠯ  ᠢ ᠦᠨᠡᠨ ᠬᠦ ᠰᠢᠢᠳᠪᠦᠷᠢᠯᠡᠨ᠎ᠡ  ᠬᠡᠵᠦ ᠢᠯᠡᠷᠭᠡᠶᠢᠯᠡᠵᠡᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠶᠠᠷᠢᠶᠠᠨ ᠳᠠᠭᠠᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠭᠰᠠ ᠨᠢ ᠵᠠᠰᠠᠭ ᠤᠨ ᠣᠷᠳᠣᠨ ᠪᠠ ᠰᠢᠭᠦᠬᠦ  ᠬᠤᠷᠢᠶᠠᠨ ᠤ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠷᠢᠯᠴᠠᠵᠤ ᠵᠣᠬᠢᠴᠠᠭᠤᠯᠬᠤ ᠶᠢ ᠴᠢᠩᠭᠠᠳᠬᠠᠨ᠂ ᠵᠠᠰᠠᠭ ᠵᠠᠬᠢᠷᠭ᠎ᠠ ᠪᠠ ᠬᠠᠤᠯᠢ ᠴᠠᠭᠠᠵᠠ ᠶᠢᠨ ᠬᠤᠭᠤᠷᠣᠨᠳᠣᠬᠢ ᠰᠠᠶᠢᠨ ᠨᠥᠬᠦᠴᠡᠯᠳᠦᠯ ᠢ ᠠᠬᠢᠭᠤᠯᠵᠤ᠂ ᠳᠠᠮᠫᠤᠷᠠᠯ ᠤᠨ ᠬᠡᠷᠡᠭ ᠢ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠲᠡᠭᠡᠭᠰᠢᠯᠡᠬᠦᠯᠦᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠬᠤᠳᠠᠯᠳᠤᠭ᠎ᠠ ᠡᠷᠬᠢᠯᠡᠬᠦ ᠨᠥᠬᠦᠴᠡᠯ ᠢ ᠰᠢᠯᠢᠳᠡᠭᠵᠢᠬᠦᠯᠬᠦ  ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠳᠦᠷᠢᠮ ᠤᠨ ᠲᠤᠯᠭᠠᠭᠤᠷᠢ ᠪᠠ ᠲᠣᠭᠲᠠᠴᠠ ᠶᠢᠨ ᠪᠠᠲᠤᠯᠠᠭ᠎ᠠ ᠬᠠᠩᠭᠠᠪᠠ ᠬᠡᠵᠦ ᠳ᠋ᠦᠩᠨᠡᠭᠰᠡᠨ ᠤ ᠬᠠᠮᠳᠤ᠂ ᠳᠠᠷᠠᠭᠠᠴᠢ ᠶᠢᠨ ᠠᠯᠬᠤᠮ ᠳᠤ  ᠵᠠᠰᠠᠭ ᠤᠨ ᠤᠷᠳᠤᠨ ᠪᠠ ᠰᠢᠭᠦᠬᠦ ᠬᠤᠷᠢᠶ᠎ᠠ ᠨᠢ ᠬᠠᠮᠲᠤᠷᠠᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ᠂ ᠵᠠᠰᠠᠭ ᠵᠠᠬᠢᠷᠭᠠᠨ ᠤ ᠡᠬᠢ ᠪᠠᠶᠠᠯᠢᠭ ᠪᠠ ᠬᠠᠤᠯᠢ ᠴᠠᠭᠠᠵᠠ ᠶᠢᠨ ᠡᠬᠢ ᠪᠠᠶᠠᠯᠢᠭ ᠢ ᠪᠦᠲᠦᠮᠵᠢᠲᠡᠶ ᠨᠢᠭᠡᠳᠬᠡᠵᠦ᠂ ᠳᠠᠮᠫᠤᠷᠠᠯ ᠤᠨ ᠭᠡᠷᠡᠭ ᠢ  ᠰᠢᠢᠳᠪᠦᠷᠢᠯᠡᠬᠦ ᠠᠵᠢᠯ ᠤᠨ ᠶᠠᠰᠤ ᠴᠢᠨᠠᠷ ᠪᠠ  ᠦᠷ᠎ᠡ ᠪᠦᠳᠦᠮᠵᠢ ᠶᠢ ᠲᠡᠭᠡᠭᠰᠢᠯᠡᠬᠦᠯᠦᠨ  ᠂ ᠤᠯᠤᠰ ᠲᠥᠷᠥ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ ᠦᠷ᠎ᠡ ᠪᠦᠲᠦᠮᠵᠢ ᠶᠢᠨ ᠨᠢᠭᠡᠳᠦᠯ ᠢ ᠪᠡᠶᠡᠯᠡᠭᠦᠯᠵᠦ᠂  ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号