ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
  3 ᠰᠠᠷ᠎ᠠ ᠶᠢᠨ 28᠎ ᠤ ᠡᠳᠦᠷ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ  ᠬᠤᠷᠠᠯᠳᠤᠪᠠ᠃ ᠬᠤᠷᠠᠯ ᠲᠡᠭᠡᠷ᠎ᠡ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠳ᠋ᠦᠩᠨᠡᠨ᠂ 2024 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ  ᠂ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ᠂ ᠰᠢᠨ᠎ᠡ ᠡᠭᠦᠷᠭᠡ ᠪᠠ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠵᠤ᠂ ᠰᠡᠳᠬᠢᠯ ᠬᠦᠴᠦ ᠪᠠᠨ ᠨᠢᠭᠡᠳᠬᠡᠨ  ᠂ ᠦᠨᠡᠨ ᠪᠣᠳᠠᠲᠠᠢ ᠠᠵᠢᠯᠯᠠᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ︽ᠬᠤᠶᠠᠷ ᠶᠡᠭᠡ ᠶᠠᠪᠤᠳᠠᠯ︾ ᠎ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ  ᠲᠦᠷᠦᠯ ᠤᠨ ᠠᠵᠢᠯ ᠤᠨ ᠢᠶᠠᠨ ᠭᠤᠣᠯ ᠰᠢᠵᠢᠮ ᠪᠤᠯᠭᠠᠬᠤ ᠭᠡᠷᠡᠭᠳᠡᠢ᠃ ᠵᠣᠬᠢᠶᠠᠨ ᠪᠠᠶᠢᠭᠤᠯᠬᠤ ᠠᠵᠢᠯ ᠨᠢ  ᠡᠷᠳᠡᠮᠳᠡᠨ ᠴᠢᠳᠠᠪᠤᠷᠢᠲᠠᠨ ᠢ ᠰᠤᠩᠭᠤᠵᠤ ᠬᠡᠷᠡᠭᠯᠡᠬᠦ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠴᠢᠳᠠᠪᠤᠷᠢᠲᠠᠨ ᠢ ᠲᠠᠲᠠᠵᠤ ᠴᠢᠳᠠᠪᠤᠷᠢᠲᠠᠨ ᠢ ᠬᠥᠮᠥᠵᠢᠭᠦᠯᠬᠦ ᠳᠤ ᠠᠩᠬᠠᠷᠤᠯ ᠢᠶᠠᠨ  ᠲᠦᠪᠯᠡᠷᠡᠬᠦᠯᠵᠦ᠂  ᠤᠬᠠᠭᠤᠯᠭ᠎ᠠ ᠶᠢᠨ ᠠᠵᠢᠯ ᠨᠢ ᠶᠠᠷᠢᠶ᠎ᠠ ᠬᠡᠯᠡᠯᠴᠡᠭᠡ ᠶᠢ ᠵᠢᠯᠤᠭᠤᠳᠬᠤ᠂ ᠡᠷᠴᠢ ᠵᠣᠷᠢᠭ ᠢ ᠬᠥᠪᠴᠢᠯᠡᠬᠦ᠂ ᠳᠦᠷᠢ ᠲᠥᠷᠬᠦ ᠶᠢ ᠪᠤᠢ ᠪᠣᠯᠭᠠᠬᠤ ᠳᠡᠭᠡᠷ᠎ᠡ ᠠᠩᠬᠠᠷᠤᠯ ᠢᠶᠠᠨ ᠲᠦᠪᠯᠡᠷᠡᠬᠦᠯᠵᠦ᠂  ᠨᠢᠭᠡᠳᠦᠮᠡᠯ ᠹᠷᠣᠨᠲ ᠤᠨ ᠠᠵᠢᠯ ᠨᠢ ᠡᠯ᠎ᠡ ᠡᠳᠡᠭᠡᠳ ᠤᠨ ᠬᠢᠨ ᠢ  ᠪᠦᠯᠬᠦᠮᠳᠡᠬᠦᠯᠬᠦ᠂ ᠰᠡᠳᠬᠢᠯ ᠢ ᠨᠢᠬᠡᠳᠬᠡᠨ ᠬᠦᠴᠦᠨ ᠢ ᠬᠠᠮᠳᠤᠳᠬᠠᠬᠤ  ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠢ ᠠᠮᠤᠷ ᠠᠮᠤᠭᠤᠯᠠᠩ ᠤᠨ ᠪᠠᠶᠢᠭᠤᠯᠤᠯᠲᠠ᠂ ᠨᠡᠶᠢᠭᠡᠮ ᠤᠨ ᠲᠣᠭᠲᠠᠭᠤᠨ᠂ ᠬᠠᠤᠯᠢᠵᠢᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ᠂  ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠵᠢᠴᠢ ᠰᠤᠮᠤ ᠰᠢᠶᠠᠩ ᠪᠠᠯᠭᠠᠰᠤ᠂  ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ  ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号