ᠲᠠᠶᠢᠹᠤᠰᠧ ᠬᠤᠰᠢᠭᠤ ᠲᠠᠷᠢᠶᠠᠨ ᠦᠷ᠎ᠡ ᠶᠢ ᠬᠢᠨᠠᠨ ᠬᠠᠮᠢᠶᠠᠷᠬᠤ ᠪᠠ ᠰᠢᠯᠢᠳᠡᠭ ᠲᠠᠷᠢᠮᠠᠯ ᠤᠨ ᠲᠦᠷᠦᠯ ᠰᠢᠯᠢᠳᠡᠭ ᠠᠷᠭ᠎ᠠ ᠮᠡᠷᠭᠡᠵᠢᠯ ᠢ ᠳᠡᠯᠭᠡᠷᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/3/29
   ᠪᠥᠬᠦ ᠬᠤᠰᠢᠭᠤᠨ ᠤ ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂  ᠦᠷᠭᠡᠨ ᠤᠯᠠᠨ ᠭᠡᠷᠡᠭᠯᠡᠭᠴᠢᠳ ᠪᠠ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠰᠢᠯᠢᠳᠡᠭ ᠲᠠᠷᠢᠮᠠᠯ ᠤᠨ ᠲᠦᠷᠦᠯ ᠰᠢᠯᠢᠳᠡᠭ ᠠᠷᠭ᠎ᠠ ᠮᠡᠷᠭᠡᠵᠢᠯ ᠢ ᠲᠡᠯᠬᠡᠷᠡᠬᠦᠯᠵᠦ᠂ ᠪᠥᠬᠦ ᠬᠤᠰᠢᠭᠤᠨ ᠤ ᠲᠠᠷᠢᠶᠠᠯᠠᠩ ᠤᠨ ᠡᠯᠪᠡᠭ ᠬᠤᠷᠢᠶᠠᠯᠲᠠ ᠳᠤ ᠰᠠᠶᠢᠨ ᠰᠠᠭᠤᠷᠢ ᠲᠠᠯᠪᠢᠬᠤ ᠶᠢᠨ ᠲᠥᠯᠥᠭᠡ᠂ 3 ᠰᠠᠷ᠎ᠠ ᠶᠢᠨ 28᠎ ᠤ ᠡᠳᠦᠷ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠨᠢ 2024 ᠣᠨ ᠤ ᠲᠠᠷᠢᠶᠠᠨ ᠦᠷ᠎ᠡ ᠶᠢ ᠬᠢᠨᠠᠨ ᠬᠠᠮᠢᠶᠠᠷᠬᠤ ᠪᠠ ᠰᠢᠯᠢᠳᠡᠭ ᠲᠠᠷᠢᠮᠠᠯ ᠤᠨ ᠲᠦᠷᠦᠯ ᠰᠢᠯᠢᠳᠡᠭ ᠠᠷᠭ᠎ᠠ ᠮᠡᠷᠭᠡᠵᠢᠯ ᠢ ᠳᠡᠯᠭᠡᠷᠡᠭᠦᠯᠬᠦ ᠪᠣᠯᠪᠠᠰᠤᠷᠠᠯ ᠡᠷᠬᠢᠯᠡᠪᠡ᠃ ᠪᠣᠯᠪᠠᠰᠤᠷᠠᠯ ᠳᠤ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠨ ᠦᠷ᠎ᠡ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠤᠨ ᠰᠠᠯᠠᠭᠠᠨ ᠤ ᠳᠠᠷᠤᠭ᠎ᠠ ᠼᠤᠤ ᠯᠢ ᠴᠢᠶᠦ᠋ᠩ  ᠎ ᠠᠴᠠ ᠲᠠᠷᠢᠶᠠᠨ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠪᠣᠷᠤᠯᠠᠭᠤᠯᠭ᠎ᠠ ᠶᠢ ᠲᠠᠩᠰᠠᠯᠠᠬᠤ᠂ ᠲᠠᠩᠰᠠ ᠡᠪᠭᠡᠮᠡᠯ ᠢ ᠪᠠᠶᠢᠭᠤᠯᠬᠤ᠂ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ᠂ ᠱᠣᠰᠢᠭ᠎ᠠ ᠲᠡᠮᠳᠡᠭ ᠢ ᠬᠠᠮᠢᠶᠠᠷᠬᠤ᠂ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ᠂  ᠲᠠᠷᠢᠮᠠᠯ ᠤᠨ ᠲᠦᠷᠦᠯ ᠢ ᠬᠢᠨᠠᠨ ᠲᠣᠭᠲᠠᠭᠠᠬᠤ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ  ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ  ᠬᠢᠵᠢᠭ ᠭᠡᠮ ᠪᠠᠶᠢᠴᠠᠭᠠᠬᠤ ᠠᠵᠢᠯ᠂  ᠬᠠᠤᠯᠢ ᠭᠡᠷᠡᠭᠵᠢᠬᠦᠯᠬᠦ ᠠᠵᠢᠯ ᠤᠨ ᠲᠠᠯ᠎ᠠ ᠪᠠᠷ ᠲᠠᠶᠢᠯᠤᠮᠵᠢ ᠬᠢᠭᠰᠡᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠢᠶᠠᠷ ᠲᠠᠮᠵᠢᠭᠠᠳ᠂ ᠠᠵᠤ ᠠᠬᠤᠶᠢᠯᠠᠯ ᠪᠣᠯᠣᠨ ᠡᠵᠡᠩᠨᠡᠯᠲᠡ  ᠎ ᠶᠢᠨ ᠳᠡᠯᠭᠡᠭᠦᠷ ᠲᠤ  ᠲᠠᠷᠢᠶᠠᠯᠠᠩ ᠤᠨ ᠦᠢᠯᠡᠳᠪᠦᠷᠢᠯᠡᠯ ᠤᠨ ᠶᠠᠪᠤᠴᠠ ᠳᠠᠬᠢ ᠲᠠᠷᠢᠮᠠᠯ ᠤᠨ ᠦᠷ᠎ᠡ  ᠎ ᠶᠢᠨ ᠴᠢᠬᠤᠯᠠ ᠦᠢᠯᠡᠳᠦᠯ  ᠎ ᠢ ᠲᠠᠨᠢᠭᠤᠯᠵᠤ᠂  ᠲᠡᠳᠡᠨ ᠤ ᠬᠠᠤᠯᠢ ᠶᠢᠨ ᠤᠬᠠᠮᠰᠠᠷ ᠪᠣᠯᠣᠨ ᠬᠠᠷᠢᠭᠤᠴᠠᠯᠭ᠎ᠠ  ᠎ ᠶᠢᠨ ᠤᠬᠠᠮᠰᠠᠷ  ᠎ ᠢ  ᠨᠡᠮᠡᠭᠳᠡᠬᠦᠯᠦᠭᠡᠳ᠂ ᠪᠥᠬᠦ ᠬᠤᠰᠢᠭᠤᠨ ᠤ ᠲᠠᠷᠢᠶᠠᠨ ᠦᠷ᠎ᠡ ᠶᠢᠨ ᠡᠵᠡᠩᠨᠡᠯᠲᠡ ᠬᠠᠮᠢᠶᠠᠷᠤᠯᠲᠠ ᠶᠢᠨ ᠠᠵᠢᠯ ᠢ ᠤᠯᠠᠮ ᠨᠢᠬᠡ ᠠᠯᠬᠤᠮ ᠲᠦᠷᠢᠮᠵᠢᠬᠦᠯᠵᠦ᠂ ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠢ ᠴᠡᠪᠡᠷᠰᠢᠬᠦᠯᠦᠨ᠂ ᠲᠠᠷᠢᠶᠠᠯᠠᠩ ᠤᠨ  ᠤᠨᠠᠯᠳᠠ ᠭᠠᠷᠤᠯᠲᠠ ᠶᠢ ᠶᠡᠬᠡᠰᠬᠡᠵᠦ ᠠᠰᠢᠭ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号