ᠲᠠᠶᠢᠹᠤᠰᠧ ᠬᠤᠰᠢᠭᠤ ᠢᠳᠡᠭᠡᠨ ᠤᠮᠳᠠᠭᠠᠨ ᠤ ᠠᠮᠤᠷ ᠲᠦᠪᠰᠢᠨ ᠤ ᠠᠵᠢᠯ ᠤᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/3/29
  3 ᠰᠠᠷ᠎ᠠ ᠶᠢᠨ 28᠎ ᠤ ᠡᠳᠦᠷ᠂ ᠲᠠᠶᠢᠹᠤᠰᠧ ᠬᠤᠰᠢᠭᠤ ᠢᠳᠡᠭᠡᠨ ᠤᠮᠳᠠᠭᠠᠨ ᠤ ᠠᠮᠤᠷ ᠲᠦᠪᠰᠢᠨ ᠵᠢᠴᠢ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠣᠯᠪᠠᠰᠤᠷᠠᠯ ᠎ ᠤᠨ ᠬᠤᠷᠠᠯ  ᠬᠤᠷᠠᠯᠳᠤᠭᠤᠯᠵᠤ᠂  ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠬᠠᠢ ᠬᠠᠤᠯᠢ ᠲᠦᠷᠢᠮ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯᠯᠠᠭ᠎ᠠ ᠶᠢᠨ ᠲᠦᠷᠢᠮᠵᠢᠯ᠂ ᠢᠳᠡᠭᠡᠨ ᠤᠮᠳᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠡᠢ᠃ ᠬᠤᠷᠠᠯ ᠠᠴᠠ᠂ ᠢᠳᠡᠭᠡᠨ ᠤᠮᠳᠠᠭᠠᠨ ᠤ ᠦᠢᠯᠡᠰ ᠡᠷᠬᠢᠯᠡᠭᠰᠡᠳ ᠡᠷᠭᠡᠪᠰᠢ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠯᠤᠰ ᠬᠡᠲᠦ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂  ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠨ᠂ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠬᠠᠢ ᠬᠠᠤᠯᠢ ᠴᠠᠭᠠᠵᠠ ᠲᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠥᠪᠡᠷ ᠢ ᠪᠠᠨ ᠱᠠᠭᠠᠷᠳᠠᠬᠤ ᠤᠬᠠᠮᠰᠠᠷ ᠪᠠ  ᠦᠢᠯᠡᠴᠢᠯᠡᠭᠡ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠴᠢᠨᠠᠭᠰᠢᠳᠠ ᠳᠡᠭᠡᠭᠰᠢᠯᠡᠭᠦᠯᠦᠨ᠂ ᠢᠳᠡᠭᠡᠨ ᠤᠮᠳᠠᠭᠠᠨ  ᠪᠦᠷᠢᠯᠭᠡᠨ ᠰᠦᠢᠳᠬᠡᠬᠦ ᠶᠢ ᠡᠰᠡᠷᠭᠦᠴᠡᠬᠦ ᠣᠶᠢᠯᠠᠭᠠᠭᠳᠠᠬᠤᠨ ᠢ  ᠡᠵᠡᠩᠨᠡᠯᠲᠡ ᠶᠢᠨ ᠶᠠᠪᠤᠴᠠ ᠳᠠᠭᠠᠨ ᠠᠭᠤᠰᠬᠠᠨ ᠣᠷᠣᠭᠤᠯᠵᠤ᠂ ᠢᠳᠡᠭᠡᠨ ᠤᠮᠳᠠᠭᠠᠨ ᠤ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠤᠭᠤᠷᠢᠨ ᠢ ᠬᠠᠮᠲᠤᠪᠠᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠪᠤᠯᠪᠠᠰᠤᠷᠠᠯ ᠲᠡᠭᠡᠷ᠎ᠡ ᠪᠠᠰᠠ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠳᠠᠢ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠦᠵᠡᠬᠦᠯᠵᠦ᠂ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠲᠠᠮᠵᠢᠨ᠂  ᠢᠳᠡᠭᠡᠨ ᠤᠮᠳᠠᠭᠠᠨ ᠤ ᠦᠢᠯᠡᠰ ᠡᠷᠬᠢᠯᠡᠭᠰᠡᠳ ᠲᠤ ᠰᠡᠷᠡᠮᠵᠢ ᠶᠢᠨ ᠬᠤᠩᠬᠤ ᠶᠢ ᠲᠤᠤᠨᠢᠭᠤᠯᠵᠤ᠂ ᠠᠮᠤᠷ ᠲᠦᠪᠰᠢᠨ ᠤ ᠦᠵᠡᠯ ᠤᠬᠠᠮᠰᠠᠷ ᠢ ᠨᠢ ᠲᠡᠭᠡᠭᠰᠢᠯᠡᠬᠦᠯᠦᠨ᠂ ︽ᠭᠡᠷᠰᠡᠦ ᠠᠴᠠ ᠬᠡᠮ ᠭᠠᠷᠬᠤ ᠦᠬᠡᠢ ᠪᠠᠶᠢᠬᠤ︾᠎ ᠶᠢ  ᠰᠠᠨᠠᠭᠤᠯᠵᠠᠢ᠃  ᠡᠨᠡ ᠤᠳᠠᠭ᠎ᠠ ᠢᠳᠡᠭᠡᠨ ᠤᠮᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠳᠡᠪᠲᠡᠷ 1100 ᠬᠤᠪᠢ᠂ ᠡᠯᠬᠦᠬᠡ ᠵᠢᠷᠤᠭ 600 ᠬᠤᠪᠢ ᠶᠢ ᠲᠠᠷᠬᠠᠭᠠᠭᠰᠠᠨ ᠪᠠᠶᠢᠨ᠎ᠠ᠃ ᠪᠣᠯᠪᠠᠰᠤᠷᠠᠯ ᠢ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠠᠴᠠ ᠭᠤᠣᠯᠯᠠᠨ ᠡᠷᠭᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠠᠴᠠ ᠬᠠᠷᠢᠭᠤᠴᠠᠨ ᠡᠷᠬᠢᠯᠡᠭᠡᠳ᠂ ᠪᠥᠬᠦ ᠬᠤᠰᠢᠭᠤᠨ ᠤ ᠢᠳᠡᠭᠡᠨ ᠤᠮᠳᠠᠭᠠᠨ ᠤ ᠭᠤᠣᠯ ᠴᠣᠭᠴᠠ᠂ ᠰᠤᠷᠭᠠᠭᠤᠯᠢ ᠶᠢᠨ ᠬᠤᠭᠤᠯᠠᠨ ᠭᠡᠷ ᠤᠨ ᠬᠠᠷᠢᠭᠤᠴᠠᠯᠭᠠᠲᠠᠨ ᠵᠡᠷᠭᠡ  251 ᠬᠥᠮᠥᠨ ᠪᠣᠯᠪᠠᠰᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号