ᠲᠠᠶᠢᠹᠤᠰᠧ ᠬᠤᠰᠢᠭᠤᠨ ᠤ ᠠᠵᠢᠯᠴᠢᠨ ᠤ ᠡᠪᠯᠡᠯ ᠤᠨ ᠠᠷᠪᠠᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ
ᠨᠡᠶᠢᠲᠡᠯᠡᠭᠰᠡᠨ ᠴᠠᠭ᠄
2024/3/29
  3 ᠰᠠᠷ᠎ᠠ ᠶᠢᠨ 28᠎ ᠤ ᠡᠳᠦᠷ᠂ ᠲᠠᠶᠢᠹᠤᠰᠧ ᠬᠤᠰᠢᠭᠤᠨ ᠤ ᠠᠵᠢᠯᠴᠢᠨ ᠤ ᠡᠪᠯᠡᠯ ᠤᠨ ᠠᠷᠪᠠᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠪᠠᠭᠠᠲᠤᠷ ᠬᠤᠷᠠᠯ ᠢ ᠡᠷᠬᠢᠯᠡᠨ᠂  ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ ᠬᠤᠷᠠᠯ ᠳᠤ ᠤᠷᠤᠯᠴᠠᠪᠠ᠃ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 120 ᠬᠥᠮᠥᠨ ᠠᠴᠠ 15 ᠬᠥᠮᠥᠨ ᠴᠢᠯᠦᠭᠡ ᠬᠡᠯᠡᠵᠦ 105 ᠬᠥᠮᠥᠨ ᠤᠷᠤᠯᠴᠠᠭᠠᠳ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃  ᠵᠠᠩ ᠶᠦᠩ ᠬᠤᠩ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢ ᠲᠦᠯᠦᠬᠡᠯᠡᠨ ᠠᠵᠢᠯ ᠤᠨ ᠢᠯᠡᠳᠬᠡᠯ ᠬᠢᠪᠡ᠃  ᠸᠠᠩ ᠸᠧᠢ ᠬᠤᠩ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠭᠰᠠᠨ ᠳᠤ ᠪᠠᠶᠠᠷ ᠬᠦᠷᠭᠡᠭᠰᠡᠨ ᠤ ᠬᠠᠮᠳᠤ᠂  ᠪᠦᠬᠦ ᠬᠤᠰᠢᠭᠤᠨ ᠤ ᠡᠯ᠎ᠡ ᠱᠠᠲᠤᠨ ᠤ ᠠᠵᠢᠯᠴᠢᠨ ᠤ ᠡᠪᠯᠡᠯ ᠪᠣᠯᠣᠨ ᠥᠷᠭᠡᠨ ᠣᠯᠠᠨ ᠠᠵᠢᠯᠴᠢᠨ ᠤ ᠡᠪᠯᠡᠯ ᠤᠨ ᠺᠠᠳ᠋ᠷᠴᠤᠳ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ  ᠂  ᠥᠷᠭᠡᠨ ᠣᠯᠠᠨ ᠺᠠᠳ᠋ᠷ ᠠᠵᠢᠯᠲᠠᠨ ᠪᠠ ᠣᠯᠠᠨ ᠲᠦᠮᠡᠨ ᠢ ᠵᠢᠯᠤᠭᠤᠳᠤᠨ᠂  ︽ᠨᠠᠮ ᠤᠨ ᠢᠶᠠᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠤᠨᠤᠰᠬᠤ᠂ ᠨᠠᠮ ᠢᠶᠠᠨ ᠲᠠᠭᠠᠵᠤ ᠤᠷᠤᠭᠰᠢᠯᠠᠬᠤ︾᠎ ᠶᠢ ᠡᠷᠡᠰ ᠪᠡᠶᠡᠯᠡᠬᠦᠯᠵᠦ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠬᠦᠷᠭᠡᠯᠡᠨ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠳᠤᠮᠳᠠ ᠰᠢᠨ᠎ᠡ ᠪᠠᠶᠢᠳᠠᠯ ᠢ ᠲᠠᠬᠢᠨ ᠡᠬᠦᠳᠴᠦ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ  ᠴᠢᠩᠭᠠᠳᠬᠠᠨ᠂ ᠺᠠᠳ᠋ᠷ ᠠᠵᠢᠯᠲᠠᠨ ᠳᠤ ᠦᠨᠡᠨᠴᠢ ᠪᠠᠷ ᠦᠢᠯᠡᠴᠢᠯᠡᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠬᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠬᠤ ᠳᠤᠮᠳᠠ ᠳᠠᠬᠢᠨ ᠰᠢᠨ᠎ᠡ ᠳᠡᠭᠲᠡᠷ ᠲᠤ ᠭᠠᠷᠴᠤ᠂  ᠲᠠᠶᠢᠹᠤᠰᠧ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠶᠡᠭᠡ ᠬᠤᠷᠠᠯ ᠤᠨ ᠲᠤᠭᠳᠠᠭᠰᠠᠨ ᠠᠯᠬᠤᠮ ᠳᠠᠷᠠᠭᠠᠯᠠᠯ ᠢᠶᠠᠷ ᠲᠡᠷᠢᠭᠦᠯᠡᠭᠴᠢᠳ ᠤᠨ ᠪᠦᠯᠬᠦᠮ ᠤᠨ ᠬᠤᠷᠠᠯ᠂  ᠲᠤᠭᠤᠶᠢᠯᠠᠩ ᠬᠤᠪᠢᠶᠠᠵᠤ ᠶᠠᠷᠢᠯᠴᠠᠬᠤ ᠬᠤᠷᠠᠯ᠂ ᠪᠦᠬᠦ ᠭᠡᠰᠢᠭᠦᠳ ᠤᠨ ᠬᠤᠷᠠᠯ᠂  ᠠᠯᠪᠠᠨ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠬᠤᠷᠠᠯ ᠢ ᠬᠤᠷᠠᠯᠳᠤᠭᠤᠯᠵᠤ᠂  ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠪᠣᠯᠣᠨ ᠠᠯᠪᠠᠨ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠢ ᠰᠣᠩᠭᠤᠨ ᠲᠦᠷᠦᠭᠳᠡᠬᠦᠯᠵᠡᠢ᠃  ᠶᠡᠭᠡ ᠬᠤᠷᠠᠯ ᠠᠴᠠ ᠪᠠᠭᠠᠲᠤᠷ ᠢ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠪᠠᠷ᠂ ᠵᠠᠩ ᠶᠦᠩ ᠬᠤᠩ ᠢ ᠪᠠᠶᠢᠩᠭᠤ ᠶᠢᠨ ᠳᠡᠳ᠋ ᠲᠡᠷᠢᠭᠦᠯᠡᠭᠴᠢ ᠪᠠᠷ  ᠂ ᠯᠢ ᠵᠢᠩ ᠵᠢᠩ᠂ ᠸᠧᠨ ᡁᠢ ᠵᠢᠶᠠᠨ ᠢ ᠳᠡᠳ᠋ ᠲᠡᠷᠢᠭᠦᠯᠡᠭᠴᠢ ᠪᠠᠷ᠂ ᠸᠠᠩ ᠲᠧᠩ᠂ ᠬᠤᠸ ᠶᠦᠩ ᠵᠢᠦᠢ ᠶᠢ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠪᠠᠷ ᠰᠤᠩᠭᠤᠵᠤ᠂ ᠯᠢ ᠵᠢᠩ ᠵᠢᠩ ᠢ ᠠᠯᠪᠠᠨ ᠵᠠᠷᠤᠳᠠᠯ ᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠪᠠᠷ ᠰᠣᠩᠭᠤᠪᠠ᠃ ᠬᠤᠷᠠᠯ ᠠᠴᠠ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠠᠵᠢᠯ ᠤᠨ ᠢᠯᠡᠳᠭᠡᠯ᠂ ᠡᠳ᠋ ᠤᠨ ᠶᠠᠪᠤᠳᠠᠯ ᠤᠨ ᠠᠵᠢᠯ ᠤᠨ  ᠢᠯᠡᠳᠭᠡᠯ᠂ ᠠᠯᠪᠠᠨ ᠵᠠᠷᠤᠳᠠᠯ ᠢ ᠬᠢᠨᠠᠨ ᠪᠠᠶᠢᠴᠠᠭᠠᠬᠤ ᠠᠵᠢᠯ ᠤᠨ ᠢᠯᠡᠳᠭᠡᠯ ᠎ ᠤᠨ ᠰᠢᠢᠳᠪᠦᠷᠢ ᠶᠢ ᠪᠠᠳᠤᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号