︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾ ᠤᠨ ᠠᠷᠪᠠᠨ | ᠲᠠᠪᠤᠳᠤᠭᠠᠷ ᠵᠤᠷᠪᠤᠰ ᠲᠤ᠂ ᠡᠯ᠎ᠡ ᠲᠦᠷᠦᠯ ᠤᠨ ᠬᠠᠤᠯᠢ ᠪᠤᠰᠤ ᠱᠠᠰᠢᠨ ᠰᠤᠷᠲᠠᠬᠤᠨ ᠤ ᠤᠯᠠᠮᠵᠢᠯᠠᠨ ᠲᠠᠷᠬᠠᠭᠠᠬᠤ | ᠠᠵᠢᠯᠯᠠᠭ᠎ᠠ ᠶᠢ ᠡᠷᠡᠰ ᠴᠠᠭᠠᠵᠠᠯᠠᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢ | ᠪᠠᠬᠢᠵᠢᠭᠦᠯᠦᠨ᠎ᠡ ᠭᠡᠵᠦ ᠲᠤᠭᠳᠠᠭᠠᠭᠰᠠᠨ ᠪᠠᠶᠢᠳᠠᠭ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ | ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠦᠷᠢᠮ︾ ᠤᠨ ᠠᠷᠪᠠᠨ | ᠨᠠᠢᠮᠠᠳᠤᠭᠠᠷ ᠵᠤᠷᠪᠤᠰ ᠲᠤ᠂ ᠬᠥᠳᠡᠭᠡ ᠲᠣᠰᠬᠤᠨ ᠤ ᠱᠠᠰᠢᠨ ᠰᠤᠷᠲᠠᠬᠤᠨ ᠤ ᠠᠵᠢᠯ ᠢ ᠰᠠᠶᠢᠨ ᠬᠢᠵᠦ᠂ ᠱᠠᠰᠢᠨ | ᠰᠢᠳᠦᠭᠴᠢ ᠤᠯᠠᠨ ᠲᠦᠮᠡᠨ ᠤ ᠠᠵᠢᠯ ᠢ ᠴᠢᠩᠭᠠᠳᠬᠠᠨ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ | ᠰᠠᠶᠢᠲᠤᠷ ᠬᠠᠮᠢᠶᠠᠷᠴᠤ᠂ ᠱᠠᠰᠢᠨ ᠰᠤᠷᠲᠠᠬᠤᠨ ᠢ ᠠᠰᠢᠭᠯᠠᠨ ᠬᠥᠳᠡᠭᠡ ᠲᠣᠰᠬᠤᠨ ᠤ ᠤᠯᠠᠨ ᠨᠡᠶᠢᠲᠡ ᠶᠢᠨ ᠬᠡᠷᠡᠭ | ᠶᠠᠪᠤᠳᠠᠯ ᠳᠤ ᠭᠠᠷ ᠲᠦᠷᠦᠭᠦ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠵᠤ᠂ ᠬᠠᠤᠯᠢ ᠪᠤᠰᠤ ᠱᠠᠰᠢᠨ | ᠰᠤᠷᠲᠠᠬᠤᠨ ᠤ ᠠᠵᠢᠯᠯᠠᠭ᠎ᠠ ᠪᠠ ᠬᠢᠯᠢ ᠶᠢᠨ ᠭᠠᠳᠠᠨ᠎ᠠ ᠠᠴᠠ ᠨᠡᠪᠴᠢᠯᠲᠡ ᠬᠢᠬᠦ ᠠᠵᠢᠯᠯᠠᠭ᠎ᠠ ᠶᠢ ᠡᠷᠡᠰ ᠡᠰᠡᠷᠭᠦᠴᠡᠨ | ᠬᠤᠷᠢᠭᠯᠠᠬᠤ ᠬᠡᠷᠡᠭᠲᠡᠢ ᠭᠡᠵᠦ ᠲᠤᠭᠳᠠᠭᠠᠪᠠ᠃ 2019 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ | ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠵᠢᠯᠤᠭᠤᠳᠬᠤ ᠰᠠᠨᠠᠯ︾ ᠢ | ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ᠂ ᠭᠠᠵᠢᠭᠤ | ᠨᠣᠮᠯᠠᠯ ᠤᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠬᠠᠤᠯᠢ ᠶᠣᠰᠣᠭᠠᠷ ᠴᠢᠩᠭᠠᠷᠠᠭᠤᠯᠤᠨ᠂ ᠱᠠᠰᠢᠨ | ᠰᠤᠷᠲᠠᠬᠤᠨ ᠪᠤᠶᠤ ᠭᠠᠵᠢᠭᠤ ᠨᠣᠮᠯᠠᠯ ᠢ ᠠᠰᠢᠭᠯᠠᠨ ᠬᠥᠳᠡᠭᠡ ᠲᠣᠰᠬᠤᠨ ᠤ ᠣᠯᠠᠨ ᠨᠡᠶᠢᠲᠡ ᠶᠢᠨ ᠬᠡᠷᠡᠭ ᠶᠠᠪᠤᠳᠠᠯ ᠳᠤ | ᠭᠠᠷ ᠲᠦᠷᠦᠭᠦ ᠶᠢ ᠬᠤᠷᠢᠭᠯᠠᠨ ᠵᠣᠭᠰᠣᠭᠠᠵᠤ᠂ ᠳᠤᠷ᠎ᠠ ᠪᠠᠷ ᠢᠶᠠᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ | ᠪᠠᠶᠢᠭᠤᠯᠬᠤ᠂ ᠳᠤᠷ᠎ᠠ ᠪᠠᠷ ᠢᠶᠠᠨ ᠱᠠᠰᠢᠨ ᠰᠤᠷᠲᠠᠬᠤᠨ ᠤ ᠬᠦᠷᠦᠭ ᠱᠤᠭᠤᠮᠠᠯ ᠬᠢᠬᠦ ᠶᠢ ᠶᠡᠬᠡᠪᠡᠷ ᠴᠡᠭᠴᠡᠯᠡᠨ ᠵᠠᠰᠠᠨ᠎ᠠ | ᠭᠡᠵᠦ ᠵᠢᠭᠠᠵᠤ ᠭᠠᠷᠭᠠᠵᠠᠢ᠃ 2019 ᠣᠨ ᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠬᠦᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠵᠤ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ | ᠬᠢᠬᠦ ᠲᠤᠬᠠᠢ ᠰᠠᠨᠠᠯ ᠤᠳ︾ ᠳᠤ ᠪᠠᠰᠠ ᠳᠠᠶᠢᠰᠤᠩᠨᠠᠭᠴᠢ ᠬᠦᠴᠦᠨ᠂ ᠭᠠᠵᠢᠭᠤ ᠨᠣᠮᠯᠠᠯ ᠤᠨ ᠵᠣᠬᠢᠶᠠᠨ | ᠪᠠᠶᠢᠭᠤᠯᠤᠯᠲᠠ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠬᠥᠳᠡᠭᠡ ᠲᠣᠰᠬᠤᠨ ᠤ ᠭᠠᠵᠠᠷ | ᠣᠷᠣᠨ ᠳᠤ ᠨᠡᠪᠴᠢᠯᠲᠡ ᠬᠢᠬᠦ ᠳᠤ ᠴᠢᠩᠭ᠎ᠠ ᠴᠣᠬᠢᠯᠲᠠ ᠥᠭᠭᠦᠨ᠎ᠡ ᠭᠡᠵᠦ ᠵᠢᠭᠠᠵᠤ ᠭᠠᠷᠭᠠᠭᠰᠠᠨ ᠪᠠᠶᠢᠨ᠎ᠠ᠃ | ︽ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠦᠷᠢᠮ︾ ᠳᠤ᠂ ᠰᠢᠶᠠᠩ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠲᠤᠰᠬᠤᠨ ᠤ ᠠᠷᠠᠳ ᠤᠨ ᠵᠥᠪᠯᠡᠯ᠂ ᠰᠠᠭᠤᠭᠠᠯᠢ | ᠠᠷᠠᠳ ᠤᠨ ᠵᠥᠪᠯᠡᠯ ᠨᠢ ᠠᠷᠠᠳ ᠤᠨ ᠵᠠᠰᠠᠭ ᠤᠨ ᠣᠷᠳᠣᠨ ᠳᠤ ᠬᠠᠤᠯᠢ ᠶᠣᠰᠣᠭᠠᠷ ᠬᠠᠮᠵᠢᠯᠴᠠᠵᠤ ᠱᠠᠰᠢᠨ | ᠰᠤᠷᠲᠠᠬᠤᠨ ᠤ ᠬᠡᠷᠡᠭ ᠶᠠᠪᠤᠳᠠᠯ ᠢ ᠬᠠᠮᠢᠶᠠᠷᠬᠤ ᠬᠡᠷᠡᠭᠲᠡᠢ ᠬᠡᠵᠦ ᠲᠤᠭᠳᠠᠭᠠᠪᠠ᠃ | ︽ᠥᠪᠥᠷ ᠮᠣᠩᠭᠤᠯ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠦᠷᠢᠮ︾ ᠤᠨ ᠨᠠᠢᠮᠠᠳᠤᠭᠠᠷ ᠪᠦᠯᠦᠭ ᠤᠨ | ᠲᠤᠭᠳᠠᠭᠠᠯ ᠢ ᠬᠠᠷᠠᠶ᠎ᠠ ᠄ | ᠲᠠᠪᠢᠨ ᠳᠣᠯᠣᠳᠤᠭᠠᠷ ᠵᠤᠷᠪᠤᠰ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠬᠠᠷᠢᠶ᠎ᠠ ᠭᠠᠵᠠᠷ ᠢᠶᠠᠨ ᠬᠠᠮᠢᠶᠠᠷᠬᠤ ᠵᠠᠷᠴᠢᠮ ᠶᠣᠰᠣᠭᠠᠷ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠢ | ᠴᠢᠩᠭᠠᠳᠬᠠᠨ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠭᠤᠷᠪᠠᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠰᠦᠯᠵᠢᠶ᠎ᠡ ᠶᠢ ᠪᠠᠶᠢᠭᠤᠯᠤᠨ | ᠪᠦᠷᠢᠨᠰᠢᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠬᠤᠶᠠᠷ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ | ᠲᠠᠪᠢᠨ ᠨᠠᠢᠮᠠᠳᠤᠭᠠᠷ ᠵᠤᠷᠪᠤᠰ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠤᠰᠢᠭᠤ ᠰᠢᠶᠠᠨ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠱᠠᠰᠢᠨ ᠰᠤᠷᠲᠠᠬᠤᠨ ᠤ ᠭᠡᠷᠡᠭ ᠡᠷᠬᠢᠯᠡᠬᠦ ᠰᠠᠯᠠᠭ᠎ᠠ ᠮᠥᠴᠢᠷ ᠤᠨ ᠵᠢᠯᠣᠭᠤᠳᠤᠯᠭ᠎ᠠ ᠲᠤᠤᠷ᠎ᠠ ᠲᠤᠰ ᠭᠠᠵᠠᠷ ᠣᠷᠣᠨ ᠤ | ᠪᠠᠨ ᠱᠠᠰᠢᠨ ᠰᠤᠷᠲᠠᠬᠤᠨ ᠤᠨ ᠭᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠰᠠᠶᠢᠨ ᠬᠢᠵᠦ᠂ ᠳᠣᠣᠷᠠᠬᠢ | ᠮᠡᠳᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄ | ︵ᠨᠢᠭᠡ︶ ᠱᠠᠰᠢᠨ ᠰᠤᠷᠲᠠᠬᠤᠨ ᠤ ᠲᠦᠷᠦ ᠶᠢᠨ ᠪᠣᠳᠣᠯᠭ᠎ᠠ ᠪᠠ ᠬᠠᠤᠯᠢ ᠲᠦᠷᠢᠮ ᠢ ᠤᠬᠠᠭᠤᠯᠤᠨ | ᠲᠤᠤᠱᠯᠠᠭᠤᠯᠵᠤ᠂ ᠱᠠᠰᠢᠨ ᠰᠤᠷᠲᠠᠬᠤᠨ ᠢ ᠢᠳᠡᠪᠬᠢᠲᠡᠢ ᠪᠠᠷ ᠵᠢᠯᠤᠭᠤᠳᠤᠨ ᠨᠡᠶᠢᠭᠡᠮ ᠵᠢᠷᠤᠮᠲᠤ ᠨᠡᠶᠢᠭᠡᠮ ᠯᠦᠭᠡ | ᠵᠣᠬᠢᠴᠠᠭᠤᠯᠤᠨ᠎ᠠ᠃ | ︵ᠬᠤᠶᠠᠷ︶ ᠱᠠᠰᠢᠨ ᠰᠤᠷᠲᠠᠬᠤᠨ ᠤ ᠠᠵᠢᠯ ᠢ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠪᠠ | ᠦᠨᠡᠯᠡᠨ ᠰᠢᠯᠭᠠᠬᠤ ᠰᠢᠰᠲ᠋ᠧᠮ ᠳᠤ ᠤᠷᠤᠭᠤᠯᠤᠨ᠎ᠠ᠃ | ︵ᠭᠤᠷᠪᠠ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠱᠠᠰᠢᠨ ᠰᠤᠷᠲᠠᠬᠤᠨ ᠤ ᠠᠵᠢᠯᠯᠠᠭᠠᠨ ᠤ | ᠲᠠᠯᠠᠪᠤᠷ ᠤᠨ ᠭᠠᠯ ᠰᠡᠷᠭᠡᠶᠢᠯᠡᠯᠳᠡ᠂ ᠢᠳᠡᠭᠡᠨ ᠤᠮᠳᠠᠭᠠᠨ᠂ ᠭᠡᠷ ᠪᠠᠷᠢᠯᠭ᠎ᠠ᠂ ᠴᠢᠬᠤᠯᠠ ᠶᠡᠭᠡ ᠱᠠᠰᠢᠨ ᠰᠤᠷᠲᠠᠬᠤᠨ ᠤ | ᠠᠵᠢᠯᠯᠠᠭ᠎ᠠ ᠵᠡᠷᠭᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠰᠠᠶᠢᠲᠤᠷ ᠬᠢᠵᠦ᠂ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠷᠨᠢᠬᠦᠯᠦᠨ᠂ ᠱᠠᠰᠢᠨ ᠰᠤᠷᠲᠠᠬᠤᠨ ᠤ ᠬᠦᠷᠢᠶ᠎ᠡ ᠴᠠᠷᠠᠭ᠎ᠠ ᠳᠠᠬᠢ | ᠲᠣᠭᠲᠠᠭᠤᠨ ᠪᠤᠰᠤ ᠬᠦᠴᠦᠨ ᠵᠦᠢᠯ ᠢ ᠪᠠᠶᠢᠴᠠᠭᠠᠨ ᠠᠷᠢᠯᠭᠠᠨ᠎ᠠ᠃ | ︵ᠳᠥᠷᠪᠡ︶ ᠳᠤᠷ᠎ᠠ ᠪᠠᠷ ᠢᠶᠠᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠪᠠᠶᠢᠭᠤᠯᠬᠤ᠂ | ᠳᠤᠷ᠎ᠠ ᠪᠠᠷ ᠢᠶᠠᠨ ᠱᠠᠰᠢᠨ ᠰᠤᠷᠲᠠᠬᠤᠨ ᠤ ᠬᠦᠷᠦᠭ ᠱᠤᠭᠤᠮᠠᠯ ᠬᠢᠬᠦ ᠪᠠ ᠲᠤᠷ᠎ᠠ ᠪᠠᠷ ᠢᠶᠠᠨ ᠱᠠᠰᠢᠨ ᠰᠤᠷᠲᠠᠬᠤᠨ ᠤ | ᠠᠵᠢᠯᠯᠠᠭᠠᠨ ᠤ ᠴᠡᠭ ᠭᠠᠷᠭᠠᠬᠤ ᠵᠡᠷᠭᠡ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠴᠡᠭᠴᠡᠯᠡᠵᠦ᠂ | ᠬᠠᠷᠢᠶ᠎ᠠ ᠣᠷᠣᠨ ᠤ ᠪᠠᠨ ᠱᠠᠰᠢᠨ ᠰᠤᠷᠲᠠᠬᠤᠨ ᠤ ᠠᠵᠢᠯᠯᠠᠭ᠎ᠠ ᠶᠢᠨ ᠡᠮᠬᠢ ᠲᠢᠭᠯᠡᠮ ᠢ ᠬᠠᠮᠠᠭᠠᠯᠠᠨ᠎ᠠ᠃ | ︵ᠲᠠᠪᠤ︶ ᠲᠦᠷ ᠴᠠᠭ ᠤᠨ ᠠᠵᠢᠯᠯᠠᠭᠠᠨ ᠤ ᠴᠡᠭ ᠲᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠬᠠᠤᠯᠢ ᠠᠴᠠ ᠵᠥᠷᠢᠴᠡᠭᠰᠡᠨ ᠱᠠᠰᠢᠨ ᠰᠤᠷᠲᠠᠬᠤᠨ ᠤ ᠠᠵᠢᠯᠯᠠᠭ᠎ᠠ ᠶᠢ ᠣᠯᠵᠤ ᠮᠡᠳᠡᠪᠡᠯ᠂ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠲᠤ ᠴᠠᠭ ᠲᠤᠬᠠᠢ | ᠳᠤᠨᠢ ᠮᠡᠳᠡᠭᠦᠯᠬᠦ ᠬᠡᠷᠡᠭᠲᠡᠢ᠃ | ᠲᠠᠪᠢ ᠶᠢᠰᠦᠳᠦᠭᠡᠷ ᠵᠤᠷᠪᠤᠰ ᠭᠠᠴᠠᠭ᠎ᠠ ᠲᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ | ᠵᠥᠪᠯᠡᠯ ᠨᠢ ᠠᠷᠠᠳ ᠤᠨ ᠵᠠᠰᠠᠭ ᠤᠨ ᠣᠷᠳᠣᠨ ᠳᠤ ᠬᠠᠤᠯᠢ ᠶᠣᠰᠣᠭᠠᠷ ᠬᠠᠮᠵᠢᠯᠴᠠᠨ᠂ ᠱᠠᠰᠢᠨ ᠰᠤᠷᠲᠠᠬᠤᠨ ᠤ | ᠬᠡᠷᠡᠭ ᠶᠠᠪᠤᠳᠠᠯ ᠢ ᠬᠠᠮᠢᠶᠠᠷᠴᠤ᠂ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠱᠠᠰᠢᠨ ᠰᠤᠷᠲᠠᠬᠤᠨ ᠤ ᠲᠦᠷᠦ ᠶᠢᠨ ᠪᠣᠳᠣᠯᠭ᠎ᠠ ᠪᠠ ᠬᠠᠤᠯᠢ ᠲᠦᠷᠢᠮ ᠤᠨ ᠤᠬᠠᠭᠤᠯᠭ᠎ᠠ ᠶᠢ | ᠦᠷᠨᠢᠬᠦᠯᠦᠨ᠂ ᠤᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠹᠧᠣᠳᠠᠯ ᠤᠨ ᠮᠤᠬᠤᠷ ᠪᠢᠰᠢᠷᠡᠯ᠂ ᠭᠠᠵᠢᠭᠤ | ᠨᠣᠮᠯᠠᠯ ᠪᠠ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠭᠤᠯᠤᠨᠠ᠃ | ︵ᠬᠤᠶᠠᠷ︶ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠱᠠᠰᠢᠨ ᠰᠢᠳᠦᠭᠴᠢ ᠤᠯᠠᠨ ᠲᠦᠮᠡᠨ ᠯᠦᠭᠡ | ᠬᠤᠯᠪᠤᠭᠳᠠᠭᠰᠠᠨ ᠵᠥᠷᠢᠴᠡᠯ ᠵᠢᠭᠤᠷᠠᠭᠠᠨ ᠢ ᠰᠠᠶᠢᠳᠤᠷ ᠬᠠᠮᠵᠢᠯᠴᠠᠨ ᠰᠢᠢᠳᠪᠦᠷᠢᠯᠡᠵᠦ᠂ ᠰᠢᠳᠦᠯᠭᠡ ᠲᠠᠢ ᠠᠷᠠᠳ | ᠢᠷᠭᠡᠳ ᠪᠠ ᠰᠢᠳᠦᠯᠭᠡ ᠦᠬᠡᠢ ᠠᠷᠠᠳ ᠢᠷᠭᠡᠳ ᠤᠨ ᠬᠤᠭᠤᠷᠣᠨᠳᠣᠬᠢ ᠪᠦᠯᠬᠦᠮᠳᠡᠯ ᠢ ᠬᠠᠮᠠᠭᠠᠯᠠᠨ᠎ᠠ᠃ | ︵ᠭᠤᠷᠪᠠ︶ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ | ᠲᠤᠰᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠮᠵᠢᠯᠴᠠᠨ ᠱᠠᠰᠢᠨ ᠰᠤᠷᠲᠠᠬᠤᠨ ᠤ ᠬᠡᠷᠡᠭ ᠶᠠᠪᠤᠳᠠᠯ ᠳᠤ | ᠬᠤᠯᠪᠣᠭᠳᠠᠭᠰᠠᠨ ᠬᠠᠤᠯᠢ ᠪᠤᠰᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ |