ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠠᠴᠠ ᠤᠯᠠᠮ ᠰᠢᠯᠢᠳᠡᠭᠵᠢᠬᠦᠯᠦᠨ᠎ᠡ
ᠨᠡᠶᠢᠲᠡᠯᠡᠭᠰᠡᠨ ᠴᠠᠭ᠄
2024/3/29
   ᠦᠨᠡᠨᠴᠢ ᠢᠲᠡᠭᠡᠮᠵᠢᠲᠡᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ  ᠂  ᠡᠶ᠎ᠡ ᠵᠣᠬᠢᠴᠠᠯ ᠲᠠᠢ ᠨᠡᠶᠢᠭᠡᠮ ᠤᠨ ᠶᠣᠰᠣ ᠰᠤᠷᠳᠠᠬᠤᠨ ᠤ ᠰᠠᠭᠤᠷᠢ ᠶᠤᠮ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠲᠦᠷᠦᠯ ᠳᠤ᠂ ᠦᠨᠡᠨᠴᠢ ᠢᠲᠡᠭᠡᠮᠵᠢ ᠲᠠᠢ ᠪᠠᠶᠢᠬᠤ ᠨᠢ ᠠᠳᠠᠯᠢᠬᠠᠨ ᠢᠶᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃  ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ   ᠨᠢ ᠦᠨᠡᠨᠴᠢ ᠢᠲᠡᠭᠡᠮᠵᠢ ᠶᠢᠨ ᠵᠠᠷᠴᠢᠮ ᠢ ᠢᠮᠠᠭᠲᠠ ᠪᠠᠷᠢᠮᠳᠠᠯᠠᠨ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢ ᠶᠢᠨ ᠬᠦᠨ ᠠᠭᠤᠯᠤᠭᠳᠠᠬᠤᠨ ᠢ ᠲᠠᠶᠢᠯᠪᠤᠷᠢᠯᠠᠵᠤ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠡᠳᠦᠷ ᠲᠤᠲᠤᠮ ᠤᠨ ᠠᠵᠢᠯ ᠤᠨ ᠲᠤᠮᠳᠠ ᠪᠠᠨ ᠲᠤᠤᠱᠯᠠᠭᠤᠯᠤᠭᠠᠳ᠂ ᠠᠵᠤ ᠠᠬᠤᠶᠢᠯᠠᠯ ᠪᠠ ᠣᠯᠠᠨ ᠲᠦᠮᠡᠨ ᠳᠤ ᠥᠨᠳᠥᠷ ᠪᠦᠲᠦᠮᠵᠢᠲᠡᠶ᠂ ᠳᠥᠭᠦᠮ ᠳᠥᠲᠡ᠂ ᠢᠯᠡ ᠲᠣᠳᠣ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ ᠪᠠᠶᠢᠨ᠎ᠠ᠃    3 ᠰᠠᠷ᠎ᠠ ᠶᠢᠨ 27 ᠤ ᠡᠳᠦᠷ᠂ ᠰᠤᠷᠪᠤᠯᠵᠢᠯᠠᠭᠴᠢ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠬᠦ ᠳᠤ ᠬᠦᠮᠦᠰ ᠡᠮᠬᠢ ᠳᠢᠭᠯᠢᠮ ᠲᠠᠢ ᠮᠦᠷᠯᠡᠨ ᠵᠤᠭᠰᠤᠵᠤ᠂   ᠴᠤᠩᠬᠤᠪᠴᠢ   ᠶᠢᠨ ᠠᠵᠢᠯᠳᠠᠳ ᠠᠴᠠ ᠣᠯᠠᠨ ᠲᠦᠮᠡᠨ ᠳᠤ ᠬᠠᠯᠠᠭᠤᠮᠰᠤᠭ ᠢᠶᠠᠷ ᠦᠢᠯᠡᠴᠢᠯᠡᠵᠦ  ᠪᠠᠶᠢᠯ᠎ᠠ᠃  ᠦᠢᠯᠡᠳᠪᠦᠷᠢ ᠬᠤᠳᠠᠯᠳᠤᠭᠠᠨ ᠤ  ᠬᠤᠪᠢ ᠡᠷᠦᠬᠡ   ᠶᠢᠨ ᠡᠵᠡᠩᠨᠡᠯᠲᠡ   ᠶᠢᠨ ᠦᠨᠡᠮᠯᠡᠯ ᠢᠶᠠᠨ ᠬᠦᠢᠴᠡᠳᠭᠡᠬᠦ ᠪᠠᠷ ᠢᠷᠡᠭᠰᠡᠨ ᠰᠠᠭᠤᠭᠠᠯᠢ ᠠᠷᠠᠳ ᠵᠢᠶᠠ ᠶᠦᠩ ᠵᠢᠢ᠄ ︽ᠥᠨᠥᠳᠥᠷ ᠡᠵᠡᠩᠨᠡᠯᠲᠡ ᠶᠢᠨ ᠦᠨᠡᠮᠯᠡᠯ ᠢᠶᠠᠨ ᠠᠪᠬᠤ ᠪᠠᠷ  ᠦᠢᠯᠡᠴᠢᠯᠡᠬᠡᠨ ᠤ ᠲᠢᠩᠬᠢᠮ ᠳᠤ ᠢᠷᠡᠵᠡᠶ᠂ ᠭᠠᠷ ᠭᠦᠢᠴᠡᠳᠬᠡᠯ ᠬᠢᠬᠦ ᠳᠤ ᠯᠠᠪᠳᠠᠢ ᠶᠡᠭᠡ ᠶᠠᠷᠰᠢᠭ ᠲᠦᠪᠡᠭ ᠲᠠᠢ ᠪᠠᠶᠢᠬ᠎ᠠ ᠬᠡᠵᠦ ᠵᠣᠪᠠᠵᠤ ᠪᠠᠶᠢᠭᠰᠠᠨ ᠶᠤᠮ᠂   ᠭᠡᠳᠡᠯ᠎ᠡ ᠰᠠᠨᠠᠭᠠᠨ ᠠᠴᠠ ᠭᠠᠳᠠᠭᠤᠷ ᠪᠤᠯᠵᠤ᠂    ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ   ᠢᠶᠠᠨ ᠲᠤᠰᠢᠶᠠᠭᠰᠠᠨ ᠤ ᠲᠠᠷᠠᠭ᠎ᠠ  ᠠᠵᠢᠯᠳᠠᠳ ᠨᠠᠮᠠᠢᠢ  ᠬᠠᠪᠰᠤᠷᠴᠤ  ᠮᠠᠰᠢᠨ ᠲᠦᠷᠭᠡᠨ ᠬᠦᠢᠴᠡᠳᠭᠡᠯ᠎ᠡ᠂  ᠠᠵᠢᠯ ᠶᠠᠪᠤᠳᠠᠯ ᠵᠢᠭᠠᠬᠠᠨ ᠴᠤ ᠰᠠᠭᠠᠳ᠋ᠭᠰᠠᠨ ᠦᠭᠡᠢ᠂ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ  ︾  ᠬᠡᠵᠦ ᠡᠷᠡᠬᠡᠢ ᠭᠤᠵᠤᠶᠢᠯᠭᠠᠨ ᠰᠤᠷᠪᠤᠯᠵᠢᠯᠠᠭᠴᠢ ᠳᠤ ᠶᠠᠷᠢᠯ᠎ᠠ᠃   ᠠᠵᠤ ᠠᠬᠤᠶᠢᠯᠠᠯ ᠪᠠ ᠣᠯᠠᠨ ᠲᠦᠮᠡᠨ ᠢ ᠳᠤᠲᠠᠭᠤ ᠭᠦᠶᠦᠯᠭᠡᠵᠦ᠂ ᠠᠵᠢᠯ ᠶᠠᠪᠤᠳᠠᠯ ᠢ  ᠪᠦᠳᠦᠮᠵᠢᠳᠡᠢ ᠲᠦᠷᠭᠡᠨ ᠬᠦᠢᠴᠡᠳᠭᠡᠬᠦ ᠪᠣᠯ  ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠷᠠᠳ ᠲᠦᠮᠡᠨ ᠢᠶᠠᠷ ᠭᠤᠣᠯ ᠪᠣᠯᠭᠠᠭᠰᠠᠨ ᠦᠨᠡᠨᠴᠢ ᠢᠲᠡᠭᠡᠮᠵᠢᠲᠡᠢ ᠦᠢᠯᠡᠴᠢᠯᠡᠬᠡᠨ ᠤ ᠲᠥᠪᠯᠡᠷᠡᠩᠭᠦᠢ ᠢᠯᠡᠷᠡᠯ ᠪᠤᠯᠤᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ ᠦᠢᠯᠡᠴᠢᠯᠡᠬᠦ ᠶᠢᠨ  ᠲᠥᠯᠥᠭᠡ᠂ ᠲᠤᠰ ᠲᠣᠪᠴᠢᠶ᠎ᠠ ᠨᠢ ᠤᠷᠤᠨ ᠤ ᠳᠣᠲᠣᠨ᠎ᠠ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ᠂ ᠵᠠᠰᠠᠭ ᠤᠨ ᠶᠠᠪᠤᠳᠠᠯ ᠤᠨ ᠬᠤᠯᠪᠤᠭᠠᠯᠠᠯ ᠢ ᠥᠷᠭᠡᠳᠬᠡᠨ᠂ ᠨᠡᠶᠢᠳᠡᠮ ᠰᠢᠢᠳᠪᠦᠷᠢᠯᠡᠬᠦ ᠲᠤᠰᠬᠠᠢ ᠴᠤᠩᠬᠤᠪᠴᠢ ᠭᠠᠷᠭᠠᠵᠤ᠂ ᠲᠤᠰᠬᠠᠢ ᠤᠲᠠᠰᠤ᠂  ᠲᠤᠰᠬᠠᠢ ᠠᠵᠢᠯᠳᠠᠨ ᠢ ᠠᠭᠤᠰᠤᠯᠴᠠᠭᠤᠯᠤᠭᠰᠠᠨ ᠤᠶᠤᠨᠴᠢ ᠦᠢᠯᠡᠴᠢᠯᠡᠭᠡᠨ ᠤ ᠠᠷᠭ᠎ᠠ ᠬᠡᠯᠪᠡᠷᠢ ᠪᠠᠷ ᠮᠡᠳᠡᠭᠡ ᠵᠠᠩᠭᠢ ᠶᠢ ᠬᠠᠮᠲᠤ ᠪᠠᠷ ᠡᠳ᠋ᠯᠡᠨ᠂ ᠡᠬᠢ ᠪᠠᠶᠠᠯᠢᠭ ᠢ ᠬᠠᠷᠢᠯᠴᠠᠨ ᠨᠡᠪᠲᠡᠷᠡᠯᠴᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠨᠠᠰᠢ ᠴᠠᠰᠢ ᠭᠦᠶᠦᠯᠳᠦᠬᠦ ᠶᠢ ᠪᠠᠭᠠᠰᠬᠠᠵᠠᠢ᠃ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ᠂ ᠣᠨᠳᠣᠣ ᠭᠠᠵᠠᠷ  ᠤᠨ ᠬᠢ   ᠶᠢ ᠣᠷᠣᠯᠠᠨ ᠭᠦᠢᠴᠡᠳᠬᠡᠬᠦ᠂ ᠣᠯᠠᠨ ᠭᠠᠵᠠᠷ ᠬᠠᠮᠲᠤᠷᠠᠨ ᠭᠦᠢᠴᠡᠳᠬᠡᠬᠦ︾ ᠭᠤᠷᠪᠠᠨ ᠵᠦᠢᠯ ᠤᠨ ᠭᠦᠢᠴᠡᠳᠬᠡᠬᠦ ᠵᠠᠭᠪᠤᠷ ᠤᠨ ᠰᠠᠭᠤᠷᠢᠨ ᠳᠡᠭᠡᠷ᠎ᠡ ︽ᠶᠡᠷᠦᠩᠬᠡᠶᠢᠯᠡᠭᠰᠡᠨ ᠲᠠᠪᠴᠠᠩ︾ ᠳᠤ ᠲᠦᠰᠢᠭᠯᠡᠵᠦ᠂ ︽ᠰᠦᠯᠵᠢᠶᠡᠨ ᠳᠡᠭᠡᠷ᠎ᠡ ᠵᠣᠯᠭᠠᠭᠤᠯᠬᠤ᠂ ᠠᠯᠤᠰ   ᠠᠴᠠ ᠭᠥᠯᠢᠶᠡᠨ ᠠᠪᠴᠤ ᠰᠢᠢᠳᠪᠦᠷᠢᠯᠡᠬᠦ᠂ ᠣᠨᠳᠣᠣ ᠭᠠᠵᠠᠷ ᠲᠤ ᠭᠦᠢᠴᠡᠳᠬᠡᠬᠦ᠂ ᠰᠦᠢᠳᠬᠡᠯ ᠬᠤᠷᠢᠶᠠᠬᠤ ᠦᠭᠡᠢ ᠪᠠᠷ ᠢᠯᠡᠭᠡᠬᠦ︾ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡ  ᠶᠢ ᠤᠶᠠᠯᠳᠤᠭᠤᠯᠵᠤ᠂ ᠭᠠᠵᠠᠷ ᠣᠷᠣᠨ ᠠᠯᠤᠰᠯᠠᠨ ᠭᠦᠢᠴᠡᠳᠬᠡᠬᠦ ᠶᠢ  ᠪᠡᠶᠡᠯᠡᠬᠦᠯᠦᠭᠰᠡᠨ ᠪᠠᠶᠢᠨ᠎ᠠ  ᠃    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯᠳᠠᠨ ᠸᠠᠩ ᠵᠢᠶᠠ ᠴᠢ  ᠄ ︽ᠡᠮᠦᠨ᠎ᠡ ᠹᠷᠣᠨᠲ ᠤᠨ ᠴᠣᠩᠬᠤᠪᠴᠢ ᠶᠢᠨ ᠠᠵᠢᠯᠲᠠᠨ ᠪᠣᠯᠤᠭᠰᠠᠨ ᠤ ᠬᠤᠪᠢ ᠳᠤ ᠪᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠠᠢ ᠬᠡᠷᠡᠭᠴᠡᠭᠡ ᠪᠠ ᠬᠦᠰᠡᠯ ᠡᠷᠡᠮᠡᠯᠵᠡᠯ ᠤᠨ ᠲᠤᠭᠤᠷᠢᠨ ᠳᠤ  ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠦᠨᠡᠨᠴᠢ ᠢᠲᠡᠭᠡᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ︾  ᠃    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠲᠡᠭᠡᠮᠵᠢ ᠶᠢᠨ ᠬᠡᠮᠵᠢᠶ᠎ᠡ ᠪᠠ ᠲᠤᠳᠤᠴᠠ ᠶᠢᠨ ᠬᠡᠮᠵᠢᠶ᠎ᠡ ᠶᠢ ᠤᠯᠠᠮ ᠲᠡᠭᠡᠭᠰᠢᠯᠡᠬᠦᠯᠬᠦ ᠶᠢᠨ ᠲᠤᠰᠠᠳᠠ᠂  ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠤᠷᠴᠢᠮᠬᠠᠨ ᠪᠠᠰᠠ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠦᠰᠡᠯ ᠱᠠᠭᠠᠷᠳᠠᠯᠭ᠎ᠠ ᠪᠠᠨ ᠢᠯᠡᠳᠭᠡᠬᠦ ᠴᠤᠩᠬᠤᠪᠴᠢ︾ ᠭᠠᠷᠭᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠲᠠᠢ ᠵᠤᠯᠭᠠᠭᠤᠯᠤᠨ᠂  ᠱᠠᠭᠠᠷᠳᠠᠨ  ᠬᠦᠢᠴᠡᠳᠭᠡᠬᠦ  ᠂ ᠬᠠᠮᠵᠢᠯᠴᠠᠨ ᠭᠦᠢᠴᠡᠳᠬᠡᠬᠦ ᠠᠷᠭ᠎ᠠ ᠬᠡᠯᠪᠡᠷᠢ ᠪᠠᠷ ᠣᠯᠠᠨ ᠲᠦᠮᠡᠨ ᠤ ᠰᠠᠨᠠᠯ  ᠲᠤᠰᠬᠠᠯ ᠢ ᠬᠤᠷᠢᠶᠠᠵᠤ   ᠦᠢᠯᠡᠴᠢᠯᠡᠭᠡᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠬᠦᠯᠦᠨ ᠰᠢᠢᠳᠪᠦᠷᠢᠯᠡᠵᠦ᠂  ᠢᠲᠡᠭᠡᠯ ᠠᠯᠳᠠᠭᠰᠠᠨ ᠠᠵᠢᠯᠯᠠᠭ᠎ᠠ ᠳᠤ ᠬᠢᠨᠠᠯᠲᠠ ᠲᠠᠯᠪᠢᠵᠤ ᠴᠡᠭᠴᠡᠯᠡᠯᠳᠡ ᠬᠢᠬᠦ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ  ᠬᠦᠰᠡᠯ ᠱᠠᠭᠠᠷᠳᠠᠯᠭ᠎ᠠ ᠶᠢ ᠣᠯᠠᠨ ᠠᠷᠭ᠎ᠠ ᠵᠠᠮ ᠢᠶᠠᠷ ᠭᠥᠯᠢᠶᠡᠨ ᠠᠪᠴᠤ ᠰᠢᠢᠳᠪᠦᠷᠢᠯᠡᠬᠦ  ᠶᠢ ᠪᠠᠲᠤᠯᠠᠵᠤ᠂  ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠯᠠᠮ  ᠴᠢᠩᠭᠠᠳᠬᠠᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠰᠢᠯᠢᠩᠬᠡᠷᠡᠯ᠄ ︽ᠪᠢᠳᠡ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠪᠠᠷᠢᠮᠲᠠᠯᠠᠵᠤ᠂ ᠦᠨᠡᠨᠴᠢ ᠢᠲᠡᠭᠡᠮᠵᠢᠲᠡᠢ ᠪᠠᠷ ᠠᠵᠤ ᠠᠬᠤᠶᠢᠯᠠᠯ ᠳᠤ ᠠᠰᠢᠭ ᠬᠦᠷᠳᠡᠭᠡᠨ ᠠᠷᠠᠳ ᠤᠯᠠᠨ ᠳᠤ ᠠᠰᠢᠭ ᠬᠦᠷᠲᠡᠭᠡᠬᠦ ᠪᠠᠷ ᠵᠣᠷᠢᠯᠲᠠ ᠪᠤᠯᠭᠠᠨ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠦᠰᠡᠯ ᠱᠠᠭᠠᠷᠳᠠᠯᠭ᠎ᠠ ᠪᠠᠨ ᠢᠯᠡᠳᠭᠡᠬᠦ ᠴᠤᠩᠬᠤᠪᠴᠢ︾ ᠶᠢᠨ ᠦᠢᠯᠡᠳᠦᠯ ᠢ ᠭᠦᠢᠴᠡᠳ  ᠪᠠᠳᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠳᠠᠷᠤᠭᠠᠰᠤ ᠶᠢ ᠬᠦᠩᠭᠡᠷᠡᠬᠦᠯᠦᠨ᠂ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠵᠤ᠂  ᠦᠨᠡᠨᠴᠢ ᠢᠲᠡᠭᠡᠮᠵᠢ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠣᠳᠣᠬᠢᠴᠢᠯᠠᠭᠰᠠᠨ ᠲᠠᠶᠢᠹᠤᠰᠧ ᠬᠤᠰᠢᠭᠤᠨ ᠤ ᠪᠠᠶᠢᠭᠤᠯᠤᠯᠲᠠ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠯ ᠢᠶᠠᠨ ᠨᠡᠮᠡᠷᠢᠯᠡᠨ᠎ᠡ︾᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号