ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠲᠦᠷᠢᠮᠵᠢᠬᠦᠯᠦᠨ ᠪᠠᠶᠢᠭᠤᠯᠵᠤ᠂ ᠺᠠᠳ᠋ᠷ ᠠᠵᠢᠯᠳᠠᠨ ᠤ ᠪᠣᠯᠪᠠᠰᠤᠨ ᠤ ᠬᠡᠪ ᠴᠢᠨᠠᠷ ᠢ ᠲᠡᠭᠡᠭᠰᠢᠯᠡᠬᠦᠯᠦᠨ᠂ ᠦᠨᠡᠨᠴᠢ | ᠢᠳᠡᠭᠡᠮᠵᠢᠳᠡᠢ ᠪᠠᠶᠢᠬᠤ ᠪᠣᠯᠪᠠᠰᠤᠨ ᠰᠢᠨ᠎ᠡ ᠬᠡᠪ ᠰᠤᠷᠲᠠᠯ ᠢ ᠪᠣᠶᠢᠵᠢᠭᠤᠯᠵᠤ᠂ ᠰᠠᠶᠢᠨ ᠰᠠᠶᠢᠬᠠᠨ ᠨᠡᠶᠢᠭᠡᠮ ᠤᠨ | ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠤᠰᠠᠳᠠ᠂ 3 ᠰᠠᠷ᠎ᠠ ᠶᠢᠨ 27 ᠤ ᠡᠳᠦᠷ ᠪᠤᠤᠴᠠᠩ ᠪᠠᠯᠭᠠᠰᠤᠨ ᠤ | ᠬᠢᠨ ᠺᠠᠳ᠋ᠷ ᠠᠵᠢᠯᠳᠠᠳ ᠢᠶᠠᠨ ᠵᠤᠬᠢᠶᠠᠨ ᠪᠠᠶᠢᠭᠤᠯᠵᠤ᠂ ᠦᠨᠡᠨᠴᠢ ᠢᠲᠡᠭᠡᠮᠵᠢ ᠶᠢᠨ ᠬᠥᠮᠦᠵᠢᠯ ᠤᠨ ᠤᠬᠠᠭᠤᠯᠭ᠎ᠠ ᠶᠢᠨ | ᠹᠢᠯᠢᠮ ᠦᠵᠡᠬᠦᠯᠪᠡ᠃ ᠤᠬᠠᠭᠤᠯᠭ᠎ᠠ ᠶᠢᠨ ᠹᠢᠯᠢᠮ ᠤᠨ ᠭᠤᠣᠯ ᠰᠡᠳᠦᠪ ᠨᠢ ᠢᠯᠡ ᠲᠣᠳᠣ ᠪᠥᠭᠡᠳ ᠲᠠᠶᠢᠴᠢᠯᠠᠨ | ᠤᠷᠢᠶᠠᠯᠠᠬᠤ ᠬᠦᠴᠦᠨ ᠲᠠᠢ ᠪᠠᠶᠢᠵᠤ᠂ ᠦᠨᠡᠨᠴᠢ ᠢᠲᠡᠭᠡᠮᠵᠢᠲᠡᠢ ᠬᠥᠮᠥᠨ ᠪᠣᠯᠬᠤ ᠶᠢᠨ ᠴᠢᠬᠤᠯᠠ ᠠᠴᠢ | ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ ᠺᠠᠳ᠋ᠷ ᠠᠵᠢᠯᠳᠠᠨ ᠤ ᠦᠨᠡᠨᠴᠢ ᠢᠲᠡᠭᠡᠮᠵᠢᠲᠡᠢ ᠪᠠᠶᠢᠬᠤ ᠦᠵᠡᠯ | ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠂ ᠦᠨᠡᠨᠴᠢ ᠢᠲᠡᠭᠡᠮᠵᠢᠲᠡᠢ ᠠᠵᠢᠯ ᠬᠢᠬᠦ᠂ ᠦᠨᠡᠨᠴᠢ | ᠢᠲᠡᠭᠡᠮᠵᠢᠲᠡᠢ ᠬᠥᠮᠥᠨ ᠪᠣᠯᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠵᠠᠢ᠃ ᠳᠠᠷᠠᠭᠠᠴᠢ ᠪᠠᠷ ᠪᠤᠤᠴᠠᠩ | ᠪᠠᠯᠭᠠᠰᠤ ᠨᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠺᠠᠳ᠋ᠷ ᠤᠯᠠᠨ ᠲᠦᠮᠡᠨ ᠢ ᠵᠢᠯᠤᠭᠤᠳᠤᠨ ᠨᠡᠶᠢᠭᠡᠮ ᠵᠢᠷᠤᠮ ᠤᠨ ᠢᠷᠠᠭᠤ ᠠᠯᠳᠠᠷ ᠢᠴᠢᠭᠦᠷᠢ | ᠭᠤᠲᠤᠮᠰᠢᠭ ᠤᠨ ᠦᠵᠡᠯᠲᠡ ᠶᠢ ᠪᠤᠢ ᠪᠤᠯᠭᠠᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠶᠡᠬᠡᠪᠡᠷ ᠲᠡᠯᠬᠡᠷᠡᠬᠦᠯᠦᠨ᠂ ᠬᠦᠮᠦᠨ ᠨᠢᠬᠡᠪᠦᠷᠢ ᠶᠢ ︽ᠦᠨᠡᠨᠴᠢ | ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ︾ ᠰᠠᠨᠠᠭᠠᠴᠢᠯᠠᠭᠴᠢ ᠪᠠ ᠦᠢᠯᠡᠳᠦᠯᠭᠡᠵᠢᠭᠦᠯᠦᠭᠴᠢ ᠪᠤᠯᠭᠠᠵᠤ᠂ ︽ | ᠬᠥᠮᠥᠨ ᠪᠦᠬᠦᠨ ᠬᠠᠤᠯᠢ ᠶᠢ ᠮᠡᠳᠡᠬᠦ᠂ ᠶᠠᠪᠤᠳᠠᠯ ᠪᠣᠯᠭᠠᠨ ᠳᠤ ᠢᠲᠡᠭᠡᠮᠵᠢ ᠲᠠᠢ ᠪᠠᠶᠢᠬᠤ︾ ᠰᠠᠶᠢᠨ ᠰᠠᠶᠢᠬᠠᠨ | ᠨᠡᠶᠢᠭᠡᠮ ᠤᠨ ᠣᠷᠴᠢᠨ ᠲᠣᠭᠤᠷᠢᠨ ᠢ ᠪᠤᠢ ᠪᠤᠯᠭᠠᠬᠤ ᠪᠠᠷ ᠪᠠᠶᠢᠨ᠎ᠠ᠃ |