ᠬᠤᠩ ᠴᠢ  ᠪᠠᠯᠭᠠᠰᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠷᠢᠯᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/3/29
  3 ᠰᠠᠷ᠎ᠠ ᠶᠢᠨ 28 ᠤ ᠡᠳᠦᠷ᠂ ᠬᠤᠩ ᠴᠢ ᠪᠠᠯᠭᠠᠰᠤᠨ ᠤ ᠬᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠳᠡᠳ᠋ ᠪᠠᠯᠭᠠᠰᠤᠨ ᠳᠠᠷᠤᠭ᠎ᠠ ᠯᠢ ᠪᠠᠢ ᠯᠢᠨ ᠬᠤᠷᠠᠯ ᠢ ᠡᠷᠬᠢᠯᠡᠨ᠂ ᠡᠯ᠎ᠡ ᠲᠣᠰᠬᠤᠨ ᠤ ᠱᠦᠵᠢ᠂ ᠣᠶ ᠰᠢᠭᠤᠢ ᠬᠠᠮᠠᠭᠠᠯᠠᠬᠤ ᠠᠵᠢᠯᠳᠠᠳ ᠬᠤᠷᠠᠯ ᠳᠤ ᠣᠷᠣᠯᠴᠠᠵᠠᠢ᠃ ᠯᠢ ᠪᠠᠢ ᠯᠢᠨ ᠠᠴᠠ ᠳᠡᠭᠡᠳᠦ ᠱᠠᠲᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠣᠷᠢᠭ ᠰᠠᠨᠠᠭ᠎ᠠ ᠪᠣᠯᠣᠨ ᠱᠠᠭᠠᠷᠳᠠᠯᠭ᠎ᠠ ᠶᠢ ᠤᠯᠠᠮᠵᠢᠯᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠴᠢᠬᠤᠯᠠᠴᠢᠯᠠᠭᠰᠠᠨ ᠪᠦᠭᠡᠳ 2024 ᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ ᠡᠯ᠎ᠡ ᠲᠤᠰᠬᠤᠨ ᠤ ᠬᠢᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠢᠯᠡᠷᠡᠬᠦᠯᠬᠦ ᠪᠠ ᠮᠡᠳᠡᠭᠦᠯᠬᠦ ᠬᠡᠷᠡᠭᠲᠡᠢ  ᠃ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠢᠵᠢᠭ ᠰᠡᠷᠭᠡᠶᠢᠯᠡᠬᠦ ᠮᠡᠳᠡᠯᠭᠡ ᠶᠢ ᠤᠯᠠᠨ ᠲᠦᠮᠡᠨ ᠳᠤ ᠤᠬᠠᠭᠤᠯᠵᠤ᠂ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃  ᠬᠢᠵᠢᠭᠲᠦ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ ᠬᠤᠯᠤᠭᠠᠨ᠎ᠠ ᠪᠠ ᠨᠣᠬᠠᠢ ᠶᠢᠨ ᠪᠥᠭᠡᠰᠦ  ᠤᠰᠠᠳᠬᠠᠬᠤ ᠠᠵᠢᠯ ᠢ ᠰᠠᠶᠢᠲᠤᠷ ᠦᠷᠨᠢᠬᠦᠯᠦᠨ᠂ ᠬᠢᠵᠢᠭ ᠳᠡᠯᠭᠡᠷᠡᠬᠦ ᠵᠠᠮ ᠢ ᠲᠠᠰᠤᠯᠬᠤ ᠬᠡᠷᠡᠭᠳᠡᠢ᠃ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠪᠠ ᠬᠦᠮᠦᠨ ᠤ ᠬᠦᠴᠦᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠯ᠎ᠡ ᠲᠣᠰᠬᠤᠨ ᠤ ᠬᠢᠨ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠲᠦᠷᠦᠯ ᠤᠨ ᠰᠡᠷᠭᠡᠶᠢᠯᠡᠨ  ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠠᠮᠲᠤ ᠪᠠᠷ ᠰᠠᠶᠢᠨ ᠬᠢᠬᠦ ᠬᠡᠷᠡᠭᠲᠡᠢ ᠬᠡᠵᠦ ᠴᠢᠬᠤᠯᠠᠴᠢᠯᠠᠨ ᠱᠠᠭᠠᠷᠳᠠᠵᠠᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号