ᠴᠢᠶᠠᠨ ᠶᠢᠨ ᠭᠧᠦ ᠪᠠᠯᠭᠠᠰᠤ ᠬᠤᠷᠠᠯ ᠬᠢᠵᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/29
  3 ᠰᠠᠷ᠎ᠠ ᠶᠢᠨ 29  ᠤ ᠡᠳᠦᠷ᠂ ᠴᠢᠶᠠᠨ ᠶᠢᠨ ᠭᠧᠦ ᠪᠠᠯᠭᠠᠰᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠡᠯ᠎ᠡ  ᠲᠦᠷᠦᠯ ᠤᠨ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ᠂ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠪᠦᠬᠦ ᠪᠠᠯᠭᠠᠰᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ  ᠲᠡᠭᠡᠭᠰᠢᠯᠡᠬᠦᠯᠦᠨ᠂ ᠡᠭᠦᠷᠭᠡ ᠬᠠᠷᠢᠭᠤᠴᠠᠯᠭ᠎ᠠ ᠶᠢ ᠮᠦᠷᠦᠯᠡᠵᠦ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠬᠳᠠᠷᠠᠭᠤᠯᠤᠨ᠂   ᠡᠯ᠎ᠡ ᠲᠦᠷᠦᠯ ᠤᠨ ᠠᠵᠢᠯ ᠢ ᠴᠢᠩᠭ᠎ᠠ ᠮᠦᠷᠳᠡᠭᠡᠨ ᠪᠣᠳᠠᠲᠠᠢ ᠠᠳᠬᠤᠵᠤ᠂ ᠦᠷ᠎ᠡ ᠠᠮᠵᠢᠯᠳᠠ ᠭᠠᠷᠳᠠᠯ᠎ᠠ ᠠᠳᠬᠤᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠠᠨᠳᠤᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠪᠦᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠲᠦᠷᠦᠯ  ᠤᠨ ᠠᠵᠢᠯ ᠤᠨ ᠭᠤᠣᠯ ᠰᠢᠵᠢᠮ ᠪᠤᠯᠭᠠᠨ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠬᠦᠷᠬᠦ︾ ᠲᠡᠮᠡᠴᠡᠯ ᠤᠨ ᠬᠠᠷᠠᠯᠲᠠ ᠶᠢ  ᠵᠤᠷᠢᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠠᠶᠤᠯᠭᠦᠢ ᠦᠢᠯᠡᠳᠪᠦᠷᠢᠯᠡᠯ᠂ ᠲᠦᠷᠦᠯ ᠵᠦᠢᠯ ᠤᠨ ᠪᠠᠶᠢᠭᠤᠯᠤᠯᠲᠠ ᠵᠡᠷᠭᠡ ᠡᠯ᠎ᠡ  ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠨ᠂  ︽ᠬᠤᠶᠠᠷ ᠶᠡᠭᠡ ᠶᠠᠪᠤᠳᠠᠯ︾ ᠢ  ᠰᠠᠶᠢᠨ ᠬᠢᠬᠦ ᠳᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠠᠵᠢᠯ ᠤᠨ ᠨᠠᠷᠢᠯᠢᠭ ᠪᠤᠳᠠᠳᠠᠢ ᠨᠠᠶᠢᠳᠠᠪᠤᠷᠢᠵᠢᠬᠤ ᠶᠢ ᠠᠬᠢᠭᠤᠯᠵᠤ᠂ ᠦᠨᠳᠦᠰᠦᠨ ᠱᠠᠲᠤᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠢ   ᠡᠵᠡᠮᠰᠢᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠰᠡᠳᠬᠢᠴᠡ ᠪᠠᠨ ᠦᠷᠭᠡᠳᠭᠡᠨ᠂  ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠨ᠂ ᠯᠠᠪᠳᠠᠭᠤᠨ ᠪᠠᠲᠤᠲᠠᠢ ᠠᠵᠢᠯ ᠤᠨ ᠠᠷᠭ᠎ᠠ  ᠂ ᠰᠢᠯᠢᠳᠡᠭ ᠰᠠᠶᠢᠨ ᠠᠵᠢᠯ ᠤᠨ ᠰᠤᠷᠲᠠᠯ ᠢᠶᠠᠷ ᠡᠯ᠎ᠡ ᠲᠦᠷᠦᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠬᠡᠵᠦ ᠵᠢᠭᠠᠨ ᠭᠠᠷᠭᠠᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号