ᠬᠤᠩ ᠴᠢ ᠪᠠᠯᠭᠠᠰᠤ ᠭᠠᠵᠢᠭᠤ ᠨᠣᠮᠯᠠᠯ ᠢ ᠡᠰᠡᠷᠭᠦᠴᠡᠬᠦ ᠬᠠᠤᠯᠢ ᠶᠢᠨ ᠮᠡᠳᠡᠯᠭᠡ ᠶᠢ ᠤᠬᠠᠭᠤᠯᠤᠨ ᠲᠦᠬᠡᠮᠡᠯᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/3/29
 ᠠᠷᠠᠳ ᠤᠯᠠᠨ ᠤ ᠭᠠᠵᠢᠭᠤ ᠨᠤᠮᠯᠠᠯ ᠢ ᠲᠠᠨᠢᠬᠤ᠂ ᠭᠠᠵᠢᠭᠤ ᠨᠤᠮᠯᠠᠯ ᠢ ᠰᠡᠷᠭᠡᠶᠢᠯᠡᠬᠦ᠂ ᠭᠠᠵᠢᠭᠤ ᠨᠤᠮᠯᠠᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠨᠡᠮᠡᠭᠳᠡᠬᠦᠯᠦᠨ᠂   ᠨᠡᠶᠢᠭᠡᠮ ᠤᠨ ᠡᠶ᠎ᠡ ᠵᠤᠬᠢᠴᠠᠯ ᠪᠠ ᠠᠮᠤᠷ ᠲᠣᠭᠲᠠᠭᠤᠨ ᠢ ᠬᠠᠮᠠᠭᠠᠯᠠᠬᠤ ᠶᠢᠨ ᠲᠤᠰᠠᠳᠠ᠂  3 ᠰᠠᠷ᠎ᠠ ᠶᠢᠨ 29  ᠤ ᠡᠳᠦᠷ ᠬᠤᠩ ᠴᠢ ᠪᠠᠯᠭᠠᠰᠤ ᠨᠢ ᠭᠠᠵᠢᠭᠤ ᠨᠣᠮᠯᠠᠯ ᠢ ᠡᠰᠡᠷᠭᠦᠴᠡᠬᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ  ᠠᠴᠠ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠤ᠂ ᠢᠷᠭᠡᠨ ᠤ ᠬᠠᠤᠯᠢ ᠶᠢᠨ ᠪᠢᠴᠢᠭ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠲᠠᠭᠠᠤ᠂  ᠬᠡᠷᠡᠭ ᠤᠨ ᠵᠢᠱᠢᠶ᠎ᠡ ᠪᠠᠷ ᠬᠠᠤᠯᠢ ᠶᠢ ᠲᠦᠭᠡᠮᠡᠯᠵᠢᠭᠦᠯᠬᠦ ᠠᠮᠢᠳᠤᠯᠢᠭ ᠠᠷᠭ᠎ᠠ ᠶᠢ ᠭᠡᠷᠡᠭᠯᠡᠨ᠂ ᠠᠷᠠᠳ ᠢᠷᠭᠡᠳ ᠲᠤ ᠭᠠᠵᠢᠭᠤ ᠨᠣᠮᠯᠠᠯ ᠤᠨ ᠲᠣᠮᠢᠶᠠᠯᠠᠯ᠂ ᠲᠥᠷᠥᠯ ᠵᠦᠢᠯ᠂ ᠣᠨᠴᠠᠯᠢᠭ ᠰᠢᠨᠵᠢ ᠵᠢᠴᠢ ᠬᠤᠣᠷ ᠬᠥᠨᠥᠭᠡᠯ ᠢ ᠲᠠᠨᠢᠯᠴᠠᠭᠤᠯᠵᠤ᠂  ᠭᠠᠵᠢᠭᠤ ᠨᠣᠮᠯᠠᠯ ᠬᠢᠭᠡᠳ ᠱᠠᠰᠢᠨ ᠰᠤᠷᠲᠠᠬᠤᠨ   ᠤ ᠢᠯᠭᠠᠭ᠎ᠠ ᠶᠢ ᠲᠠᠨᠢᠭᠤᠯᠤᠨ᠂  ᠠᠷᠠᠳ ᠢᠷᠭᠡᠳ ᠢ ᠬᠠᠤᠯᠢ ᠲᠦᠷᠢᠮ ᠤᠨ ᠦᠵᠡᠯᠲᠡ ᠪᠠᠨ ᠴᠢᠩᠭᠠᠳᠬᠠᠵᠤ᠂ ᠭᠠᠵᠢᠭᠤ ᠨᠣᠮᠯᠠᠯ ᠤᠨ ᠥᠳᠥᠭᠡᠯᠭᠡ ᠠᠴᠠ ᠵᠠᠶᠢᠳᠠᠨ᠂ ᠰᠢᠨᠵᠢᠯᠡᠬᠦ ᠤᠬᠠᠭᠠᠨ ᠢ ᠡᠷᠬᠢᠮᠯᠡᠵᠦ᠂ ᠭᠠᠵᠢᠭᠤ ᠨᠣᠮᠯᠠᠯ  ᠢ ᠢᠲᠡᠭᠡᠬᠦ ᠦᠭᠡᠢ᠂ ᠭᠠᠵᠢᠭᠤ ᠨᠤᠮᠯᠠᠯ ᠢ ᠤᠯᠠᠮᠵᠢᠯᠠᠬᠤ ᠦᠭᠡᠢ᠂ ᠭᠠᠵᠢᠭᠤ ᠨᠤᠮᠯᠠᠯ ᠳᠤ ᠣᠷᠣᠯᠴᠠᠬᠤ ᠦᠭᠡᠢ ᠮᠦᠷᠳᠡᠭᠡᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠪᠠ  ᠶᠠᠯᠠᠲᠤ ᠠᠵᠢᠯᠯᠠᠭ᠎ᠠ ᠶᠢ ᠣᠯᠵᠤ ᠮᠡᠳᠡᠮᠡᠭᠴᠡ ᠲᠡᠷᠡ ᠳᠠᠷᠤᠢ ᠳᠤᠨᠢ ᠢᠯᠡᠴᠢᠯᠡᠨ  ᠮᠡᠳᠡᠬᠦᠯᠬᠦ ᠶᠢ ᠵᠠᠬᠢᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠠᠳ᠂ ᠰᠢᠨᠵᠢᠯᠡᠬᠦ ᠤᠬᠠᠭᠠᠨ ᠢ ᠲᠡᠭᠡᠳᠦᠯᠡᠵᠦ᠂ ᠭᠠᠵᠢᠭᠤ ᠨᠣᠮᠯᠠᠯ ᠢ ᠡᠰᠡᠷᠬᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠭᠠᠵᠢᠭᠤ ᠨᠣᠮᠯᠠᠯ ᠤᠨ ᠪᠤᠰᠤᠳ ᠢ ᠬᠤᠣᠷᠯᠠᠵᠤ ᠥᠪᠡᠷ ᠢ ᠪᠠᠨ ᠬᠤᠬᠢᠷᠠᠭᠤᠯᠬᠤ ᠮᠥᠨ ᠴᠢᠨᠠᠷ ᠢ ᠤᠯᠠᠨ ᠲᠦᠮᠡᠨ ᠳᠤ ᠲᠣᠳᠣᠷᠬᠠᠢ ᠲᠠᠨᠢᠭᠤᠯᠤᠭᠠᠳ᠂ ᠤᠯᠠᠨ ᠲᠦᠮᠡᠨ ᠢ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠵᠤ᠂ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠷᠠᠭᠤᠯᠤᠨ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠢᠳᠡᠪᠬᠢ ᠦᠢᠯᠡᠳᠦᠯ  ᠦᠵᠡᠬᠦᠯᠦᠭᠰᠡᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号